ᠵᠤᠬᠢᠶᠠᠭᠴᠢ:
ᠴᠠᠭ:2024-07-19
ᠥᠵᠡᠭᠰᠡᠨ : ℃
ᠢᠷᠡᠯᠲᠡ: ︽ ︾
ᠥᠪᠥᠷ ᠮᠣᠩᠭᠣᠯ ᠤ᠋ᠨ ᠬᠣᠷᠴᠢᠨ ᠤ ᠤᠯᠤᠰ ᠤ᠋ᠨ ᠳᠡᠰ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ
ᠬᠠᠮᠠᠭᠠᠯᠠᠯᠲᠠ ᠶᠢᠨ ᠣᠷᠣᠨ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠵᠡᠭᠦᠨ ᠬᠡᠰᠡᠭ ᠲᠤ ᠂ 30 ᠲᠡᠭᠰᠢ ᠳᠥᠷᠪᠡᠯᠵᠢᠨ ᠺᠢᠯᠣᠮᠧᠲ᠋ᠷ ᠰᠢᠪᠸᠷᠢᠶ᠎ᠠ ᠶᠢᠨ ᠬᠡᠭᠡᠷ᠎ᠡ ᠶᠢᠨ ᠭᠦᠢᠯᠡᠰᠦ ᠶᠢᠨ ᠪᠠᠶᠢᠭᠠᠯᠢ ᠶᠢᠨ ᠡᠭᠦᠰᠦᠮᠡᠯ ᠣᠢ ᠪᠣᠢ᠃ ᠬᠠᠮᠠᠭᠠᠯᠠᠯᠲᠠ ᠶᠢᠨ ᠣᠷᠣᠨ ᠤ ᠶᠡᠷᠦᠩᠬᠡᠢ ᠲᠠᠯᠠᠪᠠᠢ ᠨᠢ 119587 ᠾᠧᠺᠲ᠋ᠠᠷ ᠪᠠᠶᠢᠵᠤ᠂ ᠬᠠᠮᠠᠭᠠᠯᠠᠯᠲᠠ ᠶᠢᠨ ᠣᠷᠣᠨ ᠤ ᠡᠮᠦᠨ᠎ᠡ ᠡᠴᠡ ᠤᠮᠠᠷᠠᠰᠢ ᠪᠠᠷᠤᠭ 46 ᠺᠢᠯᠣᠮᠧᠲᠷ᠂ ᠵᠡᠭᠦᠨ ᠠᠴᠠ ᠪᠠᠷᠠᠭᠤᠨᠰᠢ 44 ᠺᠢᠯᠣᠮᠧᠲᠷ ᠪᠣᠢ᠃ ᠬᠢᠩᠭᠠᠨ ᠠᠶᠢᠮᠠᠭ ᠤᠨ ᠵᠠᠬᠢᠷᠭ᠎ᠠ 1985 ᠣᠨ ᠳᠤ ᠠᠳᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠶᠢ ᠵᠥᠪᠰᠢᠶᠡᠷᠡᠪᠡ᠃ 1994 ᠤᠨ ᠤ 5 ᠰᠠᠷ᠎ᠠ ᠳᠤ ᠬᠠᠮᠠᠭᠠᠯᠠᠯᠳᠠ ᠶᠢᠨ ᠤᠷᠤᠨ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠦᠭᠡᠳ ᠦᠪᠡᠷᠳᠡᠭᠡᠨ ᠵᠠᠰᠠᠬᠤ ᠤᠷᠤᠨ ᠤ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠭᠠᠨ ᠳᠡᠪᠰᠢᠭᠦᠯᠪᠡ᠃ 1995 ᠤᠨ ᠤ 11 ᠰᠠᠷ᠎ᠠ ᠶᠢᠨ 6 ᠤ ᠡᠳᠤᠷ᠂ ᠬᠠᠮᠠᠭᠠᠯᠠᠯᠳᠠ ᠶᠢᠨ ᠤᠷᠤᠨ ᠢ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠭᠠᠨ ᠳᠡᠪᠰᠢᠭᠦᠯᠦᠭᠰᠡᠨ ᠦ ᠬᠠᠮᠳᠤ ᠬᠤᠷᠴᠢᠨ ᠤ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠶᠢ ᠪᠠᠶᠢᠭᠤᠯᠪᠠ᠃ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠨᠠᠩ ᠪᠦᠲᠦᠮᠵᠢᠲᠡᠶ ᠥᠷᠨᠢᠭᠦᠯᠬᠦ ᠶᠢᠨ ᠲᠥᠯᠥᠭᠡ᠂ ᠬᠠᠮᠠᠭᠠᠯᠠᠯᠲᠠ ᠶᠢᠨ ᠣᠷᠣᠨ ᠳᠤ ᠠᠮᠢ ᠠᠬᠤᠶ ᠶᠢᠨ ᠰᠢᠰᠲ᠋ᠧᠮ᠂ ᠬᠠᠮᠠᠭᠠᠯᠠᠯᠲᠠ᠂ ᠬᠤᠪᠣᠷ ᠴᠤᠬᠠᠭ ᠵᠢᠭᠦᠷᠲᠡᠨ ᠢ ᠦᠷᠡᠵᠢᠭᠦᠯᠦᠨ ᠪᠤᠶᠢᠵᠢᠭᠤᠯᠬᠤ 3 ᠭᠤᠤᠯ ᠣᠷᠣᠨ ᠢ ᠳᠣᠭᠢᠷᠠᠭᠤᠯᠵᠤ᠂ ᠭᠤᠤᠯ ᠣᠷᠣᠨ ᠤ ᠶᠡᠷᠦᠩᠬᠡᠶ ᠲᠠᠯᠠᠪᠠᠶ ᠨᠢ 178.07 ᠲᠡᠭᠰᠢ ᠳᠥᠷᠪᠡᠯᠵᠢᠨ ᠺᠢᠯᠣᠮᠧᠲᠷ ᠃