ᠵᠤᠬᠢᠶᠠᠭᠴᠢ:
ᠴᠠᠭ:2024-08-16
ᠥᠵᠡᠭᠰᠡᠨ : ℃
ᠢᠷᠡᠯᠲᠡ: ︽ᠳᠥᠷᠪᠡᠳ ᠬᠤᠰᠢᠭᠤᠨ ᠤ ︵2005-2017︶︾
ᠳᠥᠷᠪᠡᠳ ᠤ᠋ ᠤᠯᠤᠰ ᠤ᠋ᠨ ᠭᠠᠵᠠᠷ ᠦ᠌ ᠴᠡᠴᠡᠷᠯᠢᠭ
ᠳᠥᠷᠪᠡᠳ ᠬᠤᠰᠢᠭᠤᠨ ᠤ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠨᠢ ᠤᠯᠠᠭᠠᠨᠬᠤᠸᠠ ᠪᠠᠯᠭᠠᠰᠤ ᠪᠣᠯᠤᠨ ᠨᠣᠮᠣᠭᠠᠨ ᠰᠤᠮᠤ ᠶᠢᠨ ᠬᠠᠷᠢᠶᠠᠨ ᠳᠤ ᠪᠠᠶᠢᠵᠤ᠂ ᠭᠤᠤᠯᠳᠠᠭᠤ ᠨᠠᠨ ᠯᠢᠶᠠᠩ ᠤᠨ ᠰᠢᠨ᠎ᠡ ᠭᠠᠯᠪᠠ ᠶᠢᠨ ᠭᠦᠬᠦᠳᠠᠨ ᠠᠮᠢᠲᠠᠨ ᠤ ᠴᠢᠯᠠᠭᠤᠵᠢᠮᠠᠯ ᠦᠨ ᠬᠦᠷᠢᠶᠡᠯᠡᠩ ᠪᠣᠯᠤᠨ ᠨᠣᠮᠣᠭᠠᠨ ᠤ ᠨᠠᠩ ᠡᠷᠲᠡᠨ ᠤ ᠥᠩᠭᠡᠳᠦ ᠭᠠᠵᠠᠷ ᠤᠨ ᠳᠠᠪᠬᠤᠷᠭ᠎ᠠ ᠶᠢᠨ ᠢᠳᠡᠭᠳᠡᠭᠰᠡᠨ ᠭᠠᠵᠠᠷ ᠤᠨ ᠭᠠᠳᠠᠷᠭᠤ ᠵᠢᠴᠢ ᠬᠥᠬᠦᠳᠡᠨ ᠠᠮᠢᠲᠠᠨ ᠤ ᠴᠢᠯᠠᠭᠤᠵᠢᠮᠠᠯ ᠤᠨ ᠬᠦᠷᠢᠶᠡᠯᠡᠩ ᠲᠣᠭᠤᠷᠢᠭ ᠢᠶᠠᠷ ᠪᠦᠷᠢᠯᠳᠦᠵᠦ᠂ 2 ᠬᠦᠷᠢᠶᠡᠯᠡᠩ ᠲᠣᠭᠤᠷᠢᠭ ᠬᠣᠭᠣᠷᠣᠨᠳᠣ ᠪᠠᠨ ᠪᠠᠷᠤᠭ 170 ᠺᠢᠯᠣᠮᠧᠲᠷ ᠵᠠᠶᠢᠲᠠᠶ ᠪᠠᠶᠢᠵᠤ᠂ 97.87 ᠲᠡᠭᠰᠢ ᠳᠥᠷᠪᠡᠯᠵᠢᠨ ᠺᠢᠯᠤᠮᠸᠲᠸᠷ ᠭᠠᠵᠠᠷ ᠡᠵᠡᠯᠡᠵᠦ ᠪᠠᠶᠢᠳ᠋ᠠᠭ᠃
ᠳᠥᠷᠪᠡᠳ ᠬᠤᠰᠢᠭᠤᠨ ᠤ ᠮᠦᠽᠧᠶ ᠪᠣᠯ ᠭᠠᠵᠠᠷ ᠰᠢᠨᠵᠢᠯᠡᠭᠡᠨ ᠤ ᠴᠡᠴᠡᠷᠯᠢᠭ ᠤᠨ ᠴᠢᠬᠤᠯᠠ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠣᠯᠬᠤ ᠪᠥᠭᠡᠳ ᠪᠦᠬᠦ᠋ᠢᠯᠡ ᠲᠥᠷᠥᠯ ᠵᠦᠢᠯ ᠳᠤ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠮᠦᠽᠧᠶ ᠶᠢᠨ ᠭᠣᠤᠯ ᠴᠣᠭᠴᠠ ᠶᠢᠨ ᠪᠠᠷᠢᠯᠭ᠎ᠠ ᠶᠢᠨ ᠲᠠᠯᠠᠪᠠᠶ ᠨᠢ 16912 ᠲᠡᠭᠰᠢ ᠳᠥᠷᠪᠡᠯᠵᠢᠨ ᠮᠧᠲ᠋ᠷ᠂ ᠨᠡᠶᠢᠲᠡ 3 ᠳᠠᠪᠬᠤᠷᠭ᠎ᠠ ᠪᠣᠯᠣᠨ᠎ᠠ᠃ ᠮᠦᠽᠧᠢ ᠶ᠋ᠢᠨ ᠳᠡᠯᠭᠡᠨ ᠦᠵᠡᠭᠦᠯᠭᠡ ᠶ᠋ᠢᠨ ᠲᠠᠯᠠᠪᠠᠢ ᠨᠢ 8700 ᠳᠥᠷᠪᠡᠯᠵᠢᠨ ᠮᠧᠲ᠋ᠷ ᠂ 8500 ᠲᠦᠮᠡᠨ ᠲᠥᠭᠥᠷᠢᠭ ᠤᠨ ᠪᠡᠯᠡ ᠣᠷᠣᠭᠤᠯᠵᠠᠢ᠃ ᠶᠡᠷᠦᠩᠬᠡᠢ ᠵᠢᠷᠤᠭ ᠲᠥᠯᠥᠪᠯᠡᠭᠡ ᠶ᠋ᠢᠨ ᠰᠡᠳᠭᠢᠮᠵᠢ ᠨᠢ《 ᠡᠷᠲᠡᠨ ᠦ᠌ ᠳᠥᠷᠪᠡᠳ 》《 》《ᠲᠠᠯ᠎ᠠ ᠨᠤᠲᠤᠭ ᠤ᠋ᠨ ᠳᠥᠷᠪᠡᠳ 》《ᠰᠠᠨᠰᠠᠷ ᠤ᠋ᠨ ᠠᠶᠠᠯᠠᠯ ᠤ᠋ᠨ ᠳᠥᠷᠪᠡᠳ ᠭᠤ》ᠭᠡᠰᠡᠨ ᠢᠶᠡᠷ ᠳᠥᠷᠪᠡᠨ ᠶᠡᠬᠡ ᠭᠣᠣᠯ ᠱᠤᠭᠤᠮ ᠪᠣᠯᠭᠠᠨ ᠂ ᠳᠥᠷᠪᠡᠳ ᠤ᠋ ᠡᠷᠲᠡᠨ ᠡᠴᠡ ᠣᠳᠣ ᠪᠣᠯᠲᠠᠯᠠᠬᠢ ᠭᠠᠵᠠᠷ ᠦ᠌ ᠡᠷᠲᠡᠨ ᠦ᠌ ᠠᠮᠢᠳᠤ ᠪᠣᠳᠠᠰ ᠂ ᠬᠥᠮᠦᠨ ᠰᠣᠶᠣᠯ ᠤ᠋ᠨ ᠲᠡᠦᠬᠡ ᠂ ᠠᠷᠠᠳ ᠤ᠋ᠨ ᠵᠠᠩ ᠦᠢᠯᠡ ᠵᠢᠴᠢ ᠰᠠᠨᠰᠠᠷ ᠤ᠋ᠨ ᠠᠶᠠᠯᠠᠯ ᠤ᠋ᠨ ᠤᠬᠠᠭᠠᠨ ᠮᠡᠷᠭᠡᠵᠢᠯ ᠢ᠋ᠶ᠋ᠡᠷ ᠬᠣᠯᠪᠣᠭᠠᠰᠤ ᠪᠣᠯᠭᠠᠵᠤ ᠂ ᠨᠠᠷᠢᠨ ᠪᠣᠳᠠᠲᠠᠢ ᠪᠠᠢᠴᠠᠭᠠᠯᠲᠠ ᠶ᠋ᠢᠨ ᠮᠡᠳᠡᠭᠦᠯᠦᠯᠲᠡ ᠂ ᠦᠨᠡᠨ ᠪᠣᠳᠠᠲᠠᠢ ᠲᠡᠦᠬᠡ ᠶ᠋ᠢᠨ ᠰᠤᠷᠪᠤᠯᠵᠢ ᠪᠢᠴᠢᠭ ᠵᠢᠴᠢ ᠳᠥᠷᠪᠡᠳ ᠤᠨ ᠥᠪᠡᠷᠮᠢᠴᠡ ᠵᠠᠩ ᠦᠢᠯᠡ ᠪᠡᠷ ᠲᠦᠰᠢᠭ ᠪᠣᠯᠭᠠᠵᠤ ᠂ ᠬᠠᠮᠤᠭ ᠤ᠋ᠨ ᠲᠡᠷᠢᠭᠦᠨ ᠦ᠌ AR ᠂ VR ᠂ 4D ᠵᠡᠷᠭᠡ ᠭᠡᠷᠡᠯ ᠤᠨ ᠤᠬᠠᠭᠠᠨ ᠤ᠋ ᠳᠦᠷᠰᠦ ᠪᠦᠲᠦᠭᠡᠬᠦ ᠢ᠋ ᠬᠡᠷᠡᠭᠯᠡᠬᠦ ᠪᠡᠷ ᠳᠠᠮᠵᠢᠭᠤᠯᠤᠨ ᠂ ᠡᠨᠡ ᠬᠦ᠌ ᠲᠠᠯ᠎ᠠ ᠨᠤᠲᠤᠭ ᠤ᠋ᠨ ᠬᠥᠮᠦᠨ ᠰᠣᠶᠣᠯ ᠤ᠋ᠨ ᠲᠡᠦᠬᠡ ᠂ ᠠᠮᠢ ᠠᠬᠤᠢ ᠶ᠋ᠢᠨ ᠬᠤᠪᠢᠷᠠᠯᠲᠠ ᠂ ᠠᠵᠤ ᠠᠬᠤᠢ ᠶ᠋ᠢᠨ ᠳᠦᠷᠰᠦ ᠵᠢᠴᠢ ᠰᠠᠨᠰᠠᠷ ᠤ᠋ᠨ ᠠᠶᠠᠯᠠᠯ ᠤ᠋ᠨ ᠤᠬᠠᠭᠠᠨ ᠤ᠋ ᠬᠥᠭᠵᠢᠯᠲᠡ ᠶ᠋ᠢ ᠨᠡᠩ ᠠᠮᠢᠳᠤᠯᠢᠭ ᠬᠠᠷᠠᠭᠤᠯᠤᠭᠰᠠᠨ ᠃