ᠵᠤᠬᠢᠶᠠᠭᠴᠢ:
ᠴᠠᠭ:2024-12-20
ᠥᠵᠡᠭᠰᠡᠨ : ℃
ᠢᠷᠡᠯᠲᠡ: ︽ ︵ 1991—2016︶︾
ᠪᠠᠶᠠᠨᠨᠠᠭᠤᠷ ᠬᠣᠲᠠ ᠶ᠋ᠢᠨ ᠭᠠᠵᠠᠷ ᠦ᠌ ᠮᠦᠽᠧᠢ
ᠪᠠᠶᠠᠨᠨᠠᠭᠤᠷ ᠬᠤᠲᠠ ᠶᠢᠨ ᠭᠠᠵᠠᠷ ᠰᠢᠨᠵᠢᠯᠡᠭᠡᠨ ᠤ ᠮᠦᠽᠧᠢ ᠨᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ ᠡᠮᠦᠨ᠎ᠡ᠂ ᠪᠣᠷᠣᠲᠣᠬᠤᠢ ᠴᠡᠴᠡᠷᠯᠢᠭ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠪᠠᠶᠠᠨᠨᠠᠭᠤᠷ ᠬᠤᠲᠠ ᠶᠢᠨ ᠣᠯᠠᠨ ᠨᠡᠶᠢᠲᠡ ᠳᠤ ᠬᠠᠨᠳᠤᠭᠤᠯᠤᠨ ᠠᠩᠬ᠎ᠠ ᠨᠡᠭᠡᠭᠡᠵᠦ ᠪᠠᠶᠢᠭ᠎ᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠦᠽᠧᠶ ᠪᠣᠯᠤᠨ᠎ᠠ᠃ ᠮᠦᠽᠧᠶ ᠶᠢᠨ ᠳᠡᠯᠭᠡᠨ ᠦᠵᠡᠭᠦᠯᠬᠦ ᠠᠵᠢᠯ ᠢ 2011 ᠣᠨ ᠤ 6 ᠳ᠋ᠤᠭᠠᠷ ᠰᠠᠷ᠎ᠠ ᠶᠢᠨ ᠰᠡᠭᠦᠯᠴᠢ ᠳᠦ ᠪᠦᠬᠦᠨ ᠢ ᠳᠠᠭᠤᠰᠬᠠᠵᠠᠢ᠂ ᠮᠦᠽᠧᠶ ᠶᠢᠨ ᠪᠠᠷᠢᠯᠭ᠎ᠠ ᠶᠢᠨ ᠲᠠᠯᠠᠪᠠᠶ ᠨᠢ 300 ᠲᠡᠭᠰᠢ ᠳᠥᠷᠪᠡᠯᠵᠢᠨ ᠮᠧᠲᠷ᠂ ᠳᠡᠯᠭᠡᠨ ᠦᠵᠡᠭᠦᠯᠬᠦ ᠲᠠᠯᠠᠪᠠᠶ ᠨᠢ 4100 ᠲᠡᠭᠰᠢ ᠳᠥᠷᠪᠡᠯᠵᠢᠨ ᠮᠧᠲᠷ ᠪᠣᠯᠤᠨ᠎ᠠ᠃ ᠪᠠᠶᠠᠨᠨᠠᠭᠤᠷ ᠬᠣᠲᠠ ᠶᠢᠨ ᠡᠳ᠋ ᠦᠨ ᠵᠠᠰᠠᠭ ᠠᠴᠠ ᠮᠦᠽᠧᠶ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠥ ᠶᠢ 1500 ᠲᠦᠮᠡᠨ ᠲᠥᠭᠥᠷᠢᠭ᠂ ᠮᠦᠽᠧᠶ ᠶᠢᠨ ᠳᠣᠲᠣᠭᠠᠳᠤ ᠳᠡᠯᠭᠡᠨ ᠦᠵᠡᠭᠦᠯᠬᠦ ᠪᠡᠯᠡ ᠮᠥᠩᠭᠥ ᠶᠢ 900 ᠲᠦᠮᠡᠨ ᠲᠥᠭᠥᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠥ ᠶᠢ ᠨᠡᠶᠢᠲᠡ 2400 ᠲᠦᠮᠡᠨ ᠲᠥᠭᠥᠷᠢᠭ ᠠᠭᠤᠷᠬᠠᠢ ᠶᠢᠨ ᠭᠠᠷᠤᠯᠲᠠ ᠶᠢᠨ ᠵᠠᠭᠪᠤᠷ ᠤᠨ ᠲᠤᠰᠬᠠᠢ ᠨᠦᠬᠦᠪᠦᠷᠢ ᠮᠦᠩᠭᠦ 90 ᠲᠦᠮᠡᠨ ᠲᠦᠭᠦᠷᠢᠭ ᠣᠷᠣᠭᠤᠯᠪᠠ᠃ 2011 ᠣᠨ ᠤ 7 ᠰᠠᠷ᠎ᠠ ᠶᠢᠨ 3 ᠤ ᠡᠳ᠋ᠦᠷ ᠮᠦᠽᠸᠢ ᠶᠢ ᠭᠠᠳᠠᠭᠰᠢ ᠰᠦᠢᠳᠭᠡᠯ ᠬᠤᠷᠢᠶᠠᠬᠤ ᠦᠭᠡᠢ ᠪᠡᠷ ᠤᠯᠤᠰ ᠤ᠋ᠨ ᠭᠠᠵᠠᠷ ᠡᠬᠢ ᠪᠠᠶᠠᠯᠢᠭ ᠤ᠋ᠨ ᠶᠠᠮᠤᠨ ᠤ᠋《ᠵᠢᠷᠭᠤᠳᠤᠭᠠᠷ ᠪᠦᠯᠦᠭ ᠤᠯᠤᠰ ᠤ᠋ᠨ ᠭᠠᠵᠠᠷ ᠦ᠌ ᠴᠡᠴᠡᠷᠯᠢᠭ ᠢᠶᠡᠷ ᠭᠤᠶᠤᠴᠢᠯᠠᠨ ᠮᠡᠳᠡᠭᠦᠯᠵᠦ ᠬᠢᠨᠠᠨ ᠠᠵᠢᠯ ᠢ᠋ ᠥᠷᠨᠢᠭᠦᠯᠬᠦ ᠲᠤᠬᠠᠢ ᠠᠯᠪᠠᠨ ᠵᠠᠷ》 ᠢ᠋ ᠦᠨᠳᠦᠰᠦᠯᠡᠪᠡᠯ ᠂ ᠤᠯᠤᠰ ᠤ᠋ᠨ ᠭᠠᠵᠠᠷ ᠦ᠌ ᠴᠡᠴᠡᠷᠯᠢᠭ ᠦᠨ ᠬᠢᠨᠠᠨ ᠲᠣᠭᠲᠠᠭᠠᠬᠤ ᠵᠥᠪᠯᠡᠯ 2011 ᠣᠨ ᠤ᠋ 11 ᠰᠠᠷ᠎ᠠ ᠶ᠋ᠢᠨ 11 ᠦ᠌ ᠡᠳᠦᠷ ᠡᠴᠡ 14 ᠦ᠌ ᠡᠳᠦᠷ ᠪᠣᠯᠲᠠᠯ᠎ᠠ ᠂ ᠤᠯᠤᠰ ᠤ᠋ᠨ ᠭᠠᠵᠠᠷ ᠦ᠌ ᠵᠢᠷᠭᠤᠳᠤᠭᠠᠷ ᠪᠦᠯᠦᠭ ᠤᠨ ᠴᠡᠴᠡᠷᠯᠢᠭ ᠤᠨ ᠬᠢᠷᠢ ᠭᠡᠮ ᠢ᠋ ᠬᠢᠨᠠᠨ ᠲᠣᠭᠲᠠᠭᠠᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ 2012 ᠣᠨ ᠤ 4 ᠰᠠᠷ᠎ᠠ ᠶᠢᠨ 23 ᠤ ᠡᠳᠦᠷ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠠᠴᠠ ᠪᠠᠶᠠᠨᠨᠠᠭᠤᠷ ᠤᠨ ᠭᠠᠵᠠᠷ ᠰᠢᠨᠵᠢᠯᠡᠭᠡᠨ ᠤ ᠴᠡᠴᠡᠷᠯᠢᠭᠤᠯᠤᠰ ᠤᠨ ᠲᠠᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠬᠤ ᠬᠢᠷᠢ ᠬᠡᠮ ᠣᠯᠭᠤᠪᠠ᠃ ᠮᠦᠽᠧᠢ ᠶ᠋ᠢ 2012 ᠣᠨ ᠤ᠋ 12 ᠰᠠᠷ᠎ᠠ ᠳ᠋ᠤ᠌ ᠥᠪᠡᠷᠲᠡᠭᠡᠨ ᠵᠠᠰᠠᠬᠤ ᠣᠷᠣᠨ ᠤ᠋ ᠵᠢᠭᠤᠯᠴᠢᠯᠠᠯ ᠤ᠋ᠨ ᠲᠣᠪᠴᠢᠶᠠᠨ ᠠ᠋ᠴᠠ AA ᠳᠡᠰ ᠤᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠢ᠋ᠶ᠋ᠠᠷ ᠲᠣᠭᠲᠠᠭᠠᠪᠠ᠃ ᠮᠦᠽᠧᠢ ᠨᠡᠭᠡᠭᠡᠭᠰᠡᠨ ᠬᠤᠭᠤᠴᠠᠭᠠᠨ ᠳᠤ 20 ᠲᠦᠮᠡ ᠰᠢᠬᠠᠮ ᠵᠤᠭᠠᠴᠠᠭᠰᠠᠳ ᠢ ᠬᠦᠯᠢᠶᠡᠨ ᠠᠪᠤᠪᠠ᠃ ᠮᠦᠽᠧᠢ ᠶᠢ ᠨᠡᠶᠢᠲᠡ 3 ᠳᠠᠪᠬᠤᠷᠭ᠎ᠠ 3 ᠦᠵᠡᠭᠦᠯᠭᠡ ᠶᠢᠨ ᠲᠢᠩᠬᠢᠮ ᠬᠤᠪᠢᠶᠠᠵᠠᠢ᠃