ᠵᠤᠬᠢᠶᠠᠭᠴᠢ:
ᠴᠠᠭ:2024-09-06
ᠥᠵᠡᠭᠰᠡᠨ : ℃
ᠢᠷᠡᠯᠲᠡ: ︽ ︵ 1988—2015︶︾
ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠲᠤᠴᠠᠭᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ
ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠲᠤᠴᠠᠭᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠷᠢᠯᠠᠵᠤ᠂ ᠳᠠᠶᠢᠴᠢᠨᠲᠠᠯ᠎ᠠ ᠰᠤᠮᠤ᠂ ᠰᠢᠨᠠᠵᠠᠮ ᠰᠤᠮᠤ ᠪᠣᠯᠤᠨ ᠪᠠᠶᠠᠨᠬᠤᠰᠢᠭᠤ ᠪᠠᠯᠭᠠᠰᠤ ᠶᠢ ᠰᠤᠨᠳᠠᠯᠠᠵᠦ ᠪᠠᠶᠢᠳᠠᠭ᠃ ᠡᠨᠳᠡᠬᠢ ᠪᠣᠯ ᠪᠠᠲᠤᠴᠠᠭᠠᠨ᠂ ᠬᠠᠶᠢᠯᠠᠰᠤᠨ ᠮᠣᠳᠣᠨ ᠤ ᠰᠡᠶᠢᠷᠡᠭ ᠤᠢ ᠶᠢᠨ ᠰᠢᠰᠲ᠋ᠧᠮ ᠪᠠ ᠲᠦᠰᠢᠶᠡᠲᠦ ᠸᠠᠩ ᠤᠨ ᠣᠷᠳᠣᠨ ᠤ ᠪᠠᠭᠤᠷᠢ ᠪᠠ ᠸᠠᠩ ᠤᠨ ᠣᠷᠳᠣᠨ ᠤ ᠴᠡᠴᠡᠷᠯᠢᠭ ᠤᠨ ᠡᠷᠲᠡᠨ ᠤ ᠮᠣᠳᠣ ᠪᠠᠷ ᠭᠤᠣᠯ ᠬᠠᠮᠠᠭᠠᠯᠠᠬᠤ ᠡᠲᠡᠭᠡᠳ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠣᠨ᠎ᠠ᠃ ᠬᠤᠣᠯᠢᠨ ᠭᠤᠣᠯ ᠪᠣᠯᠣᠨ ᠡᠮᠲᠦ ᠶᠢᠨ ᠭᠤᠣᠯ ᠵᠡᠭᠦᠨ ᠪᠠᠷᠠᠭᠤᠨ ᠬᠤᠶᠠᠷ ᠲᠠᠯ᠎ᠠ ᠪᠠᠷ ᠨᠢ ᠤᠷᠤᠰᠤᠨ ᠥᠩᠭᠡᠷᠡᠵᠦ᠂ ᠤᠯᠤᠰ ᠤᠨ 111 ᠳ᠋ᠤᠭᠡᠷ ᠵᠠᠮ ᠪᠣᠯᠣᠨ ᠮᠣᠵᠢ ᠶᠢᠨ ᠬᠤᠭᠤᠷᠣᠨᠳᠣᠬᠢ ᠶᠡᠭᠡ ᠵᠠᠮ ᠬᠠᠮᠠᠭᠠᠯᠠᠯᠳᠠ ᠶᠢᠨ ᠣᠷᠣᠨ ᠢᠶᠠᠷ ᠦᠩᠭᠡᠷᠡᠵᠦ᠂ ᠵᠠᠮ ᠬᠠᠷᠢᠯᠴᠠᠭ᠎ᠠ ᠲᠦᠢᠯ ᠤᠨ ᠲᠦᠭᠦᠮ ᠪᠠᠶᠢᠳᠠᠭ᠃
ᠪᠠᠲᠤᠴᠠᠭᠠᠨ ᠤ ᠬᠠᠮᠠᠭᠠᠯᠠᠯᠲᠠ ᠶᠢᠨ ᠣᠷᠣᠨ ᠢ 1998 ᠣᠨ ᠠᠴᠠ ᠡᠬᠢᠯᠡᠨ ᠪᠠᠶᠢᠭᠤᠯᠵᠤ᠂ 2003 ᠣᠨ ᠳᠤ ᠬᠠᠮᠠᠭᠠᠯᠠᠯᠲᠠ ᠶᠢᠨ ᠢᠶᠠᠷ ᠳᠡᠪᠰᠢᠭᠦᠯᠦᠭᠳᠡᠪᠡ᠃ ᠬᠣᠷᠴᠢᠨ ᠤ ᠲᠠᠯ᠎ᠠ ᠨᠤᠲᠤᠭ ᠲᠠᠬᠢ ᠲᠥᠯᠥᠭᠡᠯᠡᠬᠦ ᠴᠢᠨᠠᠷᠲᠠᠢ ᠭᠠᠵᠠᠷ ᠣᠷᠣᠨ ᠤ ᠨᠢᠭᠡ ᠨᠢ ᠪᠣᠯᠤᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠡᠯᠪᠡᠭ ᠪᠠᠶᠠᠯᠢᠭ ᠪᠠᠶᠢᠳᠠᠭ᠃ ᠭᠤᠤᠷᠰᠤᠨ ᠤ ᠪᠠᠭᠴᠠ ᠶᠢᠨ ᠤᠷᠭᠤᠮᠠᠯ 71 ᠢᠵᠠᠭᠤᠷ 247 ᠲᠥᠷᠥᠯ᠂ 420 ᠭᠠᠷᠤᠢ ᠳᠦᠷᠰᠦ ᠪᠤᠢ᠃
ᠬᠠᠮᠠᠭᠠᠯᠠᠯᠲᠠ ᠶᠢᠨ ᠣᠷᠣᠨ ᠳᠤ ᠲᠦᠰᠢᠶᠡᠲᠦ ᠸᠠᠩ ᠤᠨ ᠣᠷᠳᠣᠨ ᠤ ᠪᠠᠭᠤᠷᠢ ᠠᠴᠠ ᠭᠠᠳᠠᠨ᠎ᠠ᠂ ᠪᠠᠰᠠ ᠰᠦᠮ᠎ᠡ ᠬᠡᠶᠢᠳ ᠤᠨ ᠪᠠᠭᠤᠷᠢ᠂ ᠡᠷᠲᠡᠨ ᠤ ᠣᠩᠭᠤᠨ ᠪᠠᠶᠢᠳᠠᠭ᠂ ᠡᠨᠡ ᠪᠣᠯ ᠡᠷᠲᠡᠨ ᠤ ᠤᠮᠠᠷᠠᠲᠤ ᠶᠢᠨ ᠦᠨᠳᠦᠰᠦᠲᠡᠨ ᠤ ᠳᠡᠭᠡᠳᠦᠰ ᠤᠨ ᠭᠡᠷ ᠣᠷᠣᠨ ᠪᠣᠯᠤᠨ᠎ᠠ᠃