ᠵᠤᠬᠢᠶᠠᠭᠴᠢ:
ᠴᠠᠭ:2024-10-18
ᠥᠵᠡᠭᠰᠡᠨ : ℃
ᠢᠷᠡᠯᠲᠡ: ︽ ︵ 2004—2013︶︾
ᠪᠠ ᠸᠠᠩ ᠾᠧ ᠴᠡᠴᠡᠷᠯᠢᠭ
ᠪᠠ ᠸᠠᠩ ᠾᠧ ᠴᠡᠴᠡᠷᠯᠢᠭ ᠢ᠋ 2010 ᠣᠨ ᠳ᠋ᠤ᠌ ᠂ ᠴᠡᠴᠡᠷᠯᠢᠭ ᠤᠨ ᠪᠦᠲᠦᠭᠡᠨ ᠨᠢ ᠪᠠ ᠸᠠᠩ ᠾᠧ ᠭᠣᠣᠯ ᠢ᠋ ᠶᠡᠷᠦᠩᠬᠡᠢᠯᠡᠨ ᠵᠠᠰᠠᠬᠤ ᠢᠨᠵᠧᠨᠧᠷᠢᠩ ᠢ᠋ᠶ᠋ᠡᠷ ᠪᠡᠯᠭᠡ ᠲᠡᠮᠳᠡᠭ ᠪᠣᠯᠭᠠᠪᠠ᠃ 2013 ᠪᠣᠯᠲᠠᠯ᠎ᠠ᠂ ᠪᠠᠷᠢᠯᠭ᠎ᠠ ᠶᠢᠨ ᠠᠬᠢᠴᠠ ᠤᠷᠤᠭᠰᠢᠲᠠᠶ ᠂ ᠴᠡᠴᠡᠷᠯᠢᠭ ᠨᠢᠭᠡᠨᠲᠡ ᠠᠩᠬ᠎ᠠ ᠠᠯᠬᠤᠮ ᠬᠡᠪᠴᠢᠶᠡᠵᠢᠪᠡ᠃ 2012 ᠣᠨ ᠪᠠ ᠸᠠᠩ ᠾᠧ ᠴᠡᠴᠡᠷᠯᠢᠭ ᠥᠪᠡᠷᠲᠡᠭᠡᠨ ᠵᠠᠰᠠᠬᠤ ᠣᠷᠣᠨ ᠤ᠋ 3A ᠳᠡᠰ ᠤᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠢ᠋ᠶ᠋ᠠᠷ ᠲᠣᠭᠲᠠᠭᠠᠭᠳᠠᠪᠠ᠃
ᠪᠠ ᠸᠠᠩ ᠾᠧ ᠭᠤᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯ ᠬᠤᠲᠠ᠂ ᠲᠣᠭᠤᠷᠢᠭ ᠬᠤᠶᠠᠷ ᠱᠠᠲᠤᠨ ᠤ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠤᠨ᠎ᠠ᠂ ᠵᠢᠨᠢᠩ ᠲᠣᠭᠤᠷᠢᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠳᠡᠭᠡᠷᠡᠬᠢ ᠬᠠᠮᠤᠭ ᠤᠨ ᠶᠡᠭᠡ ᠢᠨᠵᠧᠨᠧᠷᠢᠩ ᠪᠣᠯᠤᠨ᠎ᠠ᠃ ᠢᠨᠵᠧᠨᠧᠷᠢᠩ ᠢ ᠬᠡᠷᠡᠭᠵᠢᠭᠦᠯᠬᠦ ᠨᠢ ᠵᠢᠨᠢᠩ ᠲᠣᠭᠤᠷᠢᠭ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠳᠠᠷᠤᠯᠲᠠ ᠶᠢ ᠨᠠᠮᠳᠠᠭᠤᠯᠬᠤ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠪᠠ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠬᠦ᠂ ᠵᠢᠨᠢᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠪᠠ ᠠᠴᠢ ᠬᠤᠯᠪᠣᠭᠳᠠᠯ ᠲᠠᠢ ᠶᠤᠮ᠃
ᠪᠠ ᠸᠠᠩ ᠾᠧ ᠭᠤᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠭᠤᠤᠯᠳᠠᠭᠤ ᠪᠠ ᠸᠠᠩ ᠾᠧ ᠭᠤᠤᠯ ᠤᠨ ᠵᠢᠨᠢᠩ ᠢᠶᠠᠷ ᠤᠷᠤᠰᠤᠨ ᠥᠩᠭᠡᠷᠡᠬᠦ ᠪᠥᠬᠦ ᠬᠡᠰᠡᠭ ᠤᠨ 20.5 ᠺᠢᠯᠣᠮᠧᠲᠷ ᠤᠨ ᠶᠡᠷᠦᠩᠬᠡᠶᠢᠯᠡᠭᠰᠡᠨ ᠵᠠᠰᠠᠯᠲᠠ ᠪᠣᠯᠤᠨ᠎ᠠ᠃ ᠪᠠ ᠸᠠᠩ ᠾᠧ ᠭᠤᠤᠯ ᠢ ᠶᠡᠷᠦᠩᠬᠡᠶᠢᠯᠡᠨ ᠵᠠᠰᠠᠬᠤ ᠢᠨ᠍ᠵᠧᠨ᠋ᠧᠷᠢᠩ ᠨᠢ ᠴᠢᠳᠠᠮᠵᠢ ᠶ᠋ᠢᠨ ᠲᠠᠯ᠎ᠠ ᠪᠠᠷ 3 ᠢᠶᠡᠷ ᠲᠥ᠋ᠯᠥᠪᠵᠢᠭᠦᠯᠪᠡ᠃
2013 ᠪᠣᠯᠲᠠᠯ᠎ᠠ᠂ ᠢᠨᠵᠧᠨᠧᠷᠢᠩ ᠤᠨ ᠲᠥᠯᠥᠪᠵᠢᠭᠦᠯᠭᠡ ᠶᠢᠨ ᠲᠥᠷᠥᠯ ᠵᠦᠢᠯ ᠢ ᠦᠨᠳᠦᠰᠦᠨ ᠳᠡᠭᠡᠨ ᠪᠡᠶᠡᠯᠡᠭᠦᠯᠵᠦ᠂ 40 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠡᠯ᠎ᠡ ᠲᠥᠷᠥᠯ ᠤᠨ ᠪᠠᠶᠢᠩᠭᠤ ᠨᠣᠭᠤᠭᠠᠨ ᠮᠣᠳᠣ 243 ᠲᠦᠮᠡᠨ ᠰᠠᠭᠤᠷᠢ᠂ ᠨᠠᠪᠴᠢ ᠵᠤᠯᠭᠠᠷᠠᠬᠤ ᠲᠤᠷᠤᠭ ᠮᠣᠳᠣ 18.4 ᠲᠦᠮᠡᠨ ᠰᠠᠭᠤᠷᠢ᠂ ᠴᠡᠴᠡᠭᠯᠢᠭ ᠪᠣᠳᠠ ᠮᠣᠳᠣ 680 ᠲᠦᠮᠡᠨ ᠮᠦ ᠂ ᠨᠣᠭᠤᠭᠠᠷᠠᠭᠤᠯᠤᠯᠲᠠ ᠶᠢᠨ ᠲᠠᠯᠠᠪᠠᠢ ᠨᠢ 800 ᠲᠦᠮᠡᠨ ᠲᠡᠭᠰᠢ ᠳᠥᠷᠪᠡᠯᠵᠢᠨ ᠮᠧᠲᠷ ᠬᠤᠶᠠᠷ ᠡᠷᠭᠢ ᠶᠢᠨ 30 ᠺᠢᠯᠣᠮᠧᠲᠷ ᠤᠨ ᠨᠢᠭᠡᠳᠦᠭᠡᠷ ᠳᠡᠰ ᠤᠨ ᠭᠤᠣᠯ ᠳᠠᠭᠠᠤ ᠶᠢᠨ ᠵᠠᠮ᠂ 11 ᠠᠮᠢ ᠠᠬᠤᠢ ᠶᠢᠨ ᠰᠡᠯᠡᠭᠦᠴᠡᠯ ᠤᠨ ᠲᠠᠯᠠᠪᠠᠢ ᠵᠢᠴᠢ ᠪᠤᠰᠤᠳ ᠦᠵᠡᠮᠵᠢ ᠶᠢᠨ ᠵᠠᠩᠭᠢᠯᠠᠭ᠎ᠠ ᠶᠢᠨ ᠴᠡᠭ ᠤᠨ ᠢᠨᠵᠧᠨᠧᠷᠢᠩ ᠢ ᠦᠨᠳᠦᠰᠦᠨ ᠳᠡᠭᠡᠨ ᠪᠠᠶᠢᠭᠤᠯᠵᠤ᠂ ᠭᠤᠣᠯ ᠤᠨ ᠵᠠᠮ ᠤᠨ ᠬᠠᠳᠠᠭᠠᠯᠠᠭᠳᠠᠴᠠ ᠨᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠭᠤᠣᠯ ᠳᠠᠭᠠᠤ ᠶᠢᠨ 22 ᠲᠡᠭᠰᠢ ᠳᠥᠷᠪᠡᠯᠵᠢᠨ ᠺᠢᠯᠣᠮᠧᠲᠷ ᠤᠨ ᠬᠤᠳᠠ ᠶᠢᠨ ᠤᠰᠤᠨ ᠴᠣᠭᠴᠠ ᠶᠢᠨ ᠦᠵᠡᠮᠵᠢ ᠶᠢᠨ ᠪᠦᠰᠡ ᠶᠢ ᠪᠦᠷᠢᠯᠳᠦᠭᠦᠯᠪᠡ᠃