ᠵᠤᠬᠢᠶᠠᠭᠴᠢ:
ᠴᠠᠭ:2024-10-31
ᠥᠵᠡᠭᠰᠡᠨ : ℃
ᠢᠷᠡᠯᠲᠡ: ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︵ 1988—2005︶︾
ᠬᠠᠩᠭᠠᠯ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ
ᠬᠠᠩᠭᠠᠯ ᠨᠠᠭᠤᠷ ᠤᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯ ᠬᠣᠷᠴᠢᠨ ᠪᠠᠷᠠᠭᠤᠨ ᠭᠠᠷᠤᠨ ᠳᠤᠮᠳᠠᠲᠤ ᠬᠤᠰᠢᠭᠤᠨ ᠤ ᠪᠠᠶᠢᠭ᠎ᠠ ᠭᠠᠵᠠᠷ ᠪᠠᠶᠠᠨᠬᠤᠰᠢᠭᠤ ᠪᠠᠯᠭᠠᠰᠤ ᠠᠴᠠ ᠬᠤᠶᠢᠰᠢ 7.5 ᠺᠢᠯᠣᠮᠧᠲᠷ ᠵᠠᠶᠢᠲᠠᠶ ᠪᠠᠶᠢᠵᠤ᠂ 9250 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠲᠠᠭᠠᠮᠵᠢ ᠲᠠᠢ ᠂ 0.17 ᠲᠦᠮᠡᠨ ᠾᠧᠺᠲ᠋ᠠᠷ᠂ ᠬᠠᠮᠤᠭ ᠤᠨ ᠥᠨᠳᠥᠷ ᠲᠡᠬᠡᠨ ᠵᠢᠯ ᠳᠦ 25 ᠲᠦᠮᠡᠨ ᠺᠢᠯᠣᠭ᠍ᠷᠠᠮ ᠵᠢᠭᠠᠰᠤ ᠠᠩᠨᠠᠵᠠᠢ᠃ ᠬᠤᠤᠯᠢᠨ ᠭᠣᠣᠯ ᠤ᠋ᠨ ᠳᠤᠮᠳᠠ ᠤ᠋ᠨ ᠬᠣᠶᠠᠳᠤᠭᠠᠷ ᠳᠡᠭᠲᠡᠷ ᠭᠠᠵᠠᠷ ᠲᠤ᠌ ᠂ ᠬᠣᠤᠯᠢᠨ ᠭᠣᠣᠯ ᠢ᠋ᠶ᠋ᠠᠷ ᠤᠰᠤᠨ ᠤ᠋ ᠡᠬᠢ ᠪᠣᠯᠭᠠᠭᠰᠠᠨ ᠳᠤᠮᠳᠠ ᠬᠡᠯᠪᠡᠷᠢ ᠶ᠋ᠢᠨ ᠨᠢᠭᠡᠨ ᠤᠰᠤᠨ ᠴᠥᠭᠥᠷᠥᠮ ᠂ ᠡᠨᠡ ᠪᠣᠯ ᠳᠠᠷᠤᠢ ᠠᠯᠳᠠᠷᠲᠠᠢ ᠬᠠᠩᠭᠠᠯ ᠤᠰᠤᠨ ᠴᠥᠭᠥᠷᠥᠮ ᠪᠣᠯᠤᠨ᠎ᠠ ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 200 ᠲᠦᠮᠡᠨ ᠺᠢᠯᠣᠸᠠᠲ ᠴᠠᠭ ᠂ ᠤᠰᠤᠨ ᠤ᠋ ᠲᠠᠯᠠᠪᠠᠢ ᠨᠢ 1667 ᠾᠧᠺᠲ᠋ᠠᠷ ᠂ ᠴᠠᠬᠢᠯᠭᠠᠨ ᠭᠠᠷᠭᠠᠬᠤ ᠂ ᠤᠰᠤᠯᠠᠬᠤ ᠂ ᠲᠡᠵᠢᠭᠡᠨ ᠦᠷᠡᠵᠢᠭᠦᠯᠬᠦ ᠂ ᠵᠢᠭᠤᠯᠴᠢᠯᠠᠨ ᠲᠣᠭᠣᠷᠢᠬᠤ ᠶ᠋ᠢ ᠨᠢᠭᠡ ᠴᠣᠭᠴᠠᠵᠢᠭᠤᠯᠤᠭᠰᠠᠨ ᠠᠮᠢ ᠠᠬᠤᠢ ᠶ᠋ᠢᠨ ᠵᠢᠭᠤᠯᠴᠢᠯᠠᠯ ᠤ᠋ᠨ ᠣᠷᠣᠨ ᠪᠣᠯᠤᠨ᠎ᠠ ᠃
2003 ᠣᠨ ᠳᠤ᠂ ᠬᠠᠩᠭᠠᠯ ᠨᠠᠭᠤᠷ ᠤᠯᠤᠰ ᠤᠨ AA ᠳᠡᠰ ᠤᠨ ᠦᠵᠡᠮᠵᠢ ᠶᠢᠨ ᠣᠷᠣᠨ ᠢᠶᠠᠷ ᠲᠣᠭᠲᠠᠭᠠᠭᠳᠠᠵᠠᠢ᠃