ᠵᠤᠬᠢᠶᠠᠭᠴᠢ:
ᠴᠠᠭ:2024-10-31
ᠥᠵᠡᠭᠰᠡᠨ : ℃
ᠢᠷᠡᠯᠲᠡ: ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︵1988 — 2005︶︾
ᠥᠪᠥᠷ ᠮᠣᠩᠭᠣᠯ ᠤ᠋ᠨ ᠦᠯᠢ ᠶᠢᠨ ᠬᠤᠰᠢᠭᠤ ᠨᠤᠭᠤ ᠭᠠᠵᠠᠷ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ
ᠥᠪᠥᠷ ᠮᠣᠩᠭᠤᠯ ᠤᠨ ᠦᠯᠢ ᠶᠢᠨ ᠬᠤᠰᠢᠭᠤ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠦᠨ᠎ᠡ ᠬᠡᠰᠡᠭ ᠲᠤ ᠪᠠᠶᠢᠷᠢᠯᠠᠵᠦ ᠪᠠᠶᠢᠳᠠᠭ᠃ ᠶᠡᠷᠦᠩᠬᠡᠢ ᠲᠠᠯᠠᠪᠠᠢ ᠨᠢ 38882.01 ᠾᠧᠺᠲ᠋ᠠᠷ᠃ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠵᠢᠴᠢ ᠲᠥᠷᠥᠯ ᠵᠡᠷᠭᠡ ᠬᠤᠪᠣᠷ ᠴᠤᠬᠠᠭ ᠰᠢᠪᠠᠭᠤ ᠶᠢᠨ ᠲᠥᠷᠥᠯ ᠤᠨ ᠣᠷᠣᠰᠢᠨ ᠠᠮᠢᠳᠤᠷᠠᠬᠤ ᠭᠠᠵᠠᠷ ᠪᠠ ᠦᠷᠡᠵᠢᠯ ᠤᠨ ᠭᠠᠵᠠᠷ ᠢ ᠬᠠᠮᠠᠭᠠᠯᠠᠬᠤ ᠪᠠᠷ ᠵᠣᠷᠢᠯᠲᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠦᠶᠡᠷ ᠢ ᠰᠡᠷᠭᠡᠶᠢᠯᠡᠵᠦ ᠦᠶᠡᠷ ᠢ ᠵᠠᠯᠠᠬᠤ ᠪᠠᠷ ᠵᠣᠷᠢᠯᠭ᠎ᠠ ᠪᠣᠯᠭᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ᠂ ᠤᠬᠠᠭᠤᠯᠭ᠎ᠠ ᠬᠥᠮᠦᠵᠢᠯ᠂ ᠠᠮᠢ ᠠᠬᠤᠢ ᠶᠢᠨ ᠵᠢᠭᠤᠯᠴᠢᠯᠠᠯ ᠪᠠ ᠦᠷᠭᠦᠯᠵᠢᠯᠡᠨ ᠠᠰᠢᠭᠯᠠᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ᠃ ᠬᠠᠮᠠᠭᠠᠯᠠᠯᠲᠠ ᠶᠢᠨ ᠣᠷᠣᠨ ᠢ 1999 ᠣᠨ ᠳᠤ ᠃ 2007 ᠣᠨ ᠤ 11 ᠰᠠᠷ᠎ᠠ ᠳᠤ ᠮᠤᠵᠢ ᠶᠢᠨ ᠳᠡᠰ ᠦᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠭᠠᠨ ᠳᠡᠪᠰᠢᠭᠦᠯᠪᠡ᠃