ᠵᠤᠬᠢᠶᠠᠭᠴᠢ:
ᠴᠠᠭ:2024-11-28
ᠥᠵᠡᠭᠰᠡᠨ : ℃
ᠢᠷᠡᠯᠲᠡ: ᠬᠥᠯᠥᠨ ᠪᠣᠶᠢᠷ ᠬᠣᠲᠠ ᠶᠢᠨ ᠣᠶᠢᠯᠠᠯᠭ᠎ᠠ ︵ 1990 ︱ 2005 ︶
ᠮᠠᠨᠵᠤᠤᠷ ᠬᠤᠳᠠ ᠶᠢᠨ ᠮᠦᠽᠧᠶ
ᠮᠠᠨᠵᠤᠤᠷ ᠬᠤᠳᠠ ᠶᠢᠨ ᠮᠦᠽᠧᠢ ᠶᠢ 2002 ᠣᠨ ᠤ 8 ᠰᠠᠷ᠎ᠠ ᠠᠴᠠ ᠡᠬᠢᠯᠡᠨ ᠪᠠᠶᠢᠭᠤᠯᠵᠤ᠂ ᠬᠥᠯᠥᠨ ᠪᠤᠢᠢᠷ ᠬᠤᠳᠠ ᠶᠢᠨ ᠮᠠᠨᠵᠤᠤᠷ ᠬᠤᠳᠠ ᠶᠢᠨ ᠬᠣᠶᠢᠲᠤ ᠲᠣᠭᠣᠷᠢᠭ ᠤᠨ ᠰᠠᠨ ᠳ᠋ᠤᠤ ᠵᠡᠭᠡᠯᠢ ᠳᠦ ᠪᠠᠶᠢᠷᠢᠯᠠᠵᠤ᠂ ᠤᠤᠯ ᠤᠨ ᠬᠤᠳᠠ ᠶᠢᠨ ᠵᠠᠰᠠᠭ ᠤᠨ ᠣᠷᠳᠣᠨ ᠤ ᠲᠤᠮᠤ ᠠᠰᠠᠷ ᠢ ᠠᠰᠢᠭᠯᠠᠨ ᠮᠦᠽᠧᠢ ᠪᠣᠯᠭᠠᠨ ᠥᠭᠡᠷᠡᠴᠢᠯᠡᠭᠰᠡᠨ ᠃ 2005 ᠣᠨ ᠤ 6 ᠰᠠᠷ᠎ᠠ ᠳᠤ᠂ ᠮᠠᠨᠵᠤᠤᠷ ᠤᠨ ᠮᠦᠽᠧᠢ ᠶᠢ ᠨᠡᠭᠦᠯᠭᠡᠪᠡ᠃ ᠪᠠᠷᠢᠯᠭ᠎ᠠ ᠶᠢᠨ ᠲᠠᠯᠠᠪᠠᠶ ᠨᠢ 4882 ᠲᠡᠭᠰᠢ ᠳᠥᠷᠪᠡᠯᠵᠢᠨ ᠮᠧᠲ᠋ᠷ ᠪᠣᠢ ᠃
2005 ᠣᠨ ᠤ 6 ᠰᠠᠷ᠎ᠠ ᠳᠤ᠂ ᠳᠣᠲᠣᠷᠠᠬᠢ ᠶᠢ ᠨᠢ ᠥᠭᠡᠷᠡᠴᠢᠯᠡᠭᠰᠡᠨ ᠮᠠᠨᠵᠤᠤᠷ ᠬᠤᠳᠠ ᠶᠢᠨ ᠮᠦᠽᠧᠢ ᠬᠣᠶᠠᠳᠠᠬᠢ ᠤᠳᠠᠭ᠎ᠠ ᠡᠭᠦᠳᠡ ᠪᠡᠨ ᠨᠡᠭᠡᠭᠡᠪᠡ᠃ ᠡᠭᠦᠨ ᠳᠦ ᠲᠡᠦᠬᠡ ᠶᠢᠨ ᠦᠵᠡᠭᠦᠯᠭᠡ ᠶᠢᠨ ᠲᠢᠩᠬᠢᠮ ᠂ ᠣᠷᠣᠰ ᠤᠨ ᠰᠣᠶᠣᠯ ᠤᠷᠠᠯᠢᠭ ᠤᠨ ᠦᠵᠡᠭᠦᠯᠭᠡ ᠶᠢᠨ ᠲᠢᠩᠬᠢᠮ ᠂ ᠴᠥᠭᠡᠨ ᠲᠣᠭᠠᠲᠤ ᠦᠨᠳᠦᠰᠦᠲᠡᠨ ᠦ ᠬᠤᠪᠴᠠᠰᠤ ᠵᠠᠰᠠᠯ ᠤᠨ ᠦᠵᠡᠭᠦᠯᠭᠡ ᠶᠢᠨ ᠲᠢᠩᠬᠢᠮ ᠵᠡᠷᠭᠡ ᠭᠤᠷᠪᠠᠨ ᠦᠨᠳᠦᠰᠦᠨ ᠦᠵᠡᠭᠦᠯᠭᠡ ᠲᠡᠶ᠃ ᠲᠡᠦᠬᠡ ᠶᠢᠨ ᠦᠵᠡᠭᠦᠯᠭᠡ ᠶᠢᠨ ᠲᠢᠩᠬᠢᠮ ᠳᠦ ᠨᠡᠢᠳ᠋ᠡ 600 ᠭᠠᠷᠤᠢ ᠲᠡᠦᠬᠡ ᠶᠢᠨ ᠳᠤᠷᠠᠰᠬᠠᠯᠲᠤ ᠵᠦᠢᠯᠡᠰ ᠦᠨ ᠬᠠᠳᠠᠭᠠᠯᠠᠭ᠎ᠠ ᠶᠢ ᠳᠡᠯᠭᠡᠨ ᠦᠵᠡᠭᠦᠯᠵᠦ ᠪᠣᠢ᠃ ᠣᠷᠣᠰ ᠤᠨ ᠰᠣᠶᠣᠯ ᠤᠷᠠᠯᠢᠭ ᠤᠨ ᠦᠵᠡᠭᠦᠯᠭᠡ ᠶᠢᠨ ᠲᠢᠩᠬᠢᠮ ᠳᠦ ᠴᠠᠭᠠᠨ ᠬᠠᠭᠠᠨᠲᠤ ᠣᠷᠣᠰ ᠤᠨ ᠦᠶ᠎ᠡ ᠡᠴᠡ ᠨᠠᠰᠢᠬᠢ ᠴᠠᠶ ᠶᠢᠨ ᠬᠡᠷᠡᠭᠰᠡᠯ ᠪᠠ ᠣᠷᠣᠰ ᠤᠨ ᠬᠡᠪ ᠨᠠᠮᠪᠠ ᠤᠷᠠᠯᠢᠭ ᠤᠨ ᠬᠣᠪᠣᠷ ᠨᠠᠨᠳᠢᠨ ᠡᠳ᠋ᠯᠡᠯ ᠢ ᠳᠡᠯᠭᠡᠨ ᠦᠵᠡᠭᠦᠯᠵᠦ ᠪᠣᠢ᠃ ᠴᠥᠭᠡᠨ ᠲᠣᠭᠠᠲᠤ ᠦᠨᠳᠦᠰᠦᠲᠡᠨ ᠦ ᠬᠤᠪᠴᠠᠰᠤ ᠵᠠᠰᠠᠯ ᠤᠨ ᠦᠵᠡᠭᠦᠯᠭᠡ ᠶᠢᠨ ᠲᠢᠩᠬᠢᠮ ᠳᠦ ᠮᠠᠨᠵᠤᠤᠷ ᠵᠢᠴᠢ ᠬᠥᠷᠰᠢ ᠵᠡᠷᠭᠡᠯᠡᠳᠡᠭᠡ ᠣᠷᠣᠨ ᠳᠤ ᠠᠮᠢᠳᠤᠷᠠᠵᠤ ᠪᠠᠶᠢᠭ᠎ᠠ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ᠂ ᠳᠠᠭᠤᠷ ᠦᠨᠳᠦᠰᠦᠲᠡᠨ ᠵᠢᠴᠢ ᠪᠤᠷᠢᠶᠠᠳ ᠮᠣᠩᠭᠣᠯᠴᠤᠳ ᠤᠨ ᠨᠡᠶᠢᠲᠡᠯᠢᠭ ᠬᠤᠪᠴᠠᠰᠤ ᠵᠠᠰᠠᠯ ᠢ ᠳᠡᠯᠭᠡᠨ ᠦᠵᠡᠭᠦᠯᠵᠦ ᠪᠣᠢ᠃