ᠵᠤᠬᠢᠶᠠᠭᠴᠢ:
ᠴᠠᠭ:2025-01-23
ᠥᠵᠡᠭᠰᠡᠨ : ℃
ᠢᠷᠡᠯᠲᠡ: ︽ ︵1990 — 2010 ︶︾
ᠨᠠᠭᠤᠷ ᠵᠢᠭᠤᠯᠴᠢᠯᠠᠯ ᠤ᠋ᠨ ᠣᠷᠣᠨ

ᠨᠠᠭᠤᠷ ᠵᠢᠭᠤᠯᠴᠢᠯᠠᠯ ᠤᠨ ᠣᠷᠣᠨ ᠪᠣᠯ ᠣᠷᠳᠣᠰ ᠬᠤᠲᠠ ᠶᠢᠨ ᠡᠵᠡᠨᠬᠣᠷᠣᠭᠠ ᠬᠤᠰᠢᠭᠤᠨ ᠤ ᠨᠠᠷᠢᠨᠰᠢᠯᠢ ᠪᠠᠯᠭᠠᠰᠤ ᠶᠢᠨ ᠬᠡᠪᠴᠢᠶᠡᠨ ᠳᠦ ᠪᠠᠶᠢᠷᠢᠯᠠᠵᠤ᠂ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠠᠴᠠ 40 ᠺᠢᠯᠤᠮᠸᠲᠷ ᠵᠠᠶᠢᠲᠠᠢ᠂ ᠤᠯᠤᠰ ᠤᠨ AA ᠲᠠᠰ ᠤᠨ ᠵᠢᠭᠤᠯᠴᠢᠯᠠᠯ ᠤᠨ ᠣᠷᠣᠨ ᠪᠣᠯᠤᠨ᠎ᠠ᠃
ᠨᠠᠭᠤᠷ ᠵᠢᠭᠤᠯᠴᠢᠯᠠᠯ ᠤᠨ ᠣᠷᠣᠨ ᠤ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠨᠡᠯᠢᠶᠡᠳ ᠥᠨᠢ ᠤᠳᠠᠭᠠᠨ ᠲᠡᠦᠬᠡ ᠲᠠᠢ᠂ 1958 ᠣᠨ ᠠᠴᠠ ᠰᠡᠭᠦᠯᠡᠷ ᠨᠢᠭᠡ ᠮᠢᠩᠭᠠᠨ ᠾᠧᠺᠲ᠋ᠠᠷ ᠲᠠᠯᠠᠪᠠᠢ ᠲᠠᠢ ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠪᠠ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠵᠢᠭᠤᠯᠴᠢᠯᠠᠯ ᠤᠨ ᠣᠷᠣᠨ ᠪᠣᠯᠵᠤ ᠬᠥᠭᠵᠢᠭᠰᠡᠨ ᠪᠠᠶᠢᠨ᠎ᠠ᠃ ᠡᠨᠳᠡ ᠵᠢᠭᠠᠰᠤᠨ ᠤ ᠲᠥᠷᠥᠯ 10 ᠭᠠᠷᠤᠢ ᠵᠦᠢᠯ ᠪᠠᠶᠢᠵᠤ᠂ ᠴᠠᠬᠤᠯᠠᠢ᠂ ᠬᠤᠨ ᠭᠠᠯᠠᠭᠤ᠂ ᠴᠠᠭᠠᠨ ᠳᠡᠭᠡᠯᠡᠢ ᠵᠡᠷᠭᠡ ᠬᠡᠳᠦᠨ ᠠᠷᠪᠠᠨ ᠵᠦᠢᠯ ᠤᠨ ᠰᠢᠪᠠᠭᠤᠨ ᠤ ᠲᠥᠷᠥᠯ ᠪᠣᠢ᠃