ᠵᠤᠬᠢᠶᠠᠭᠴᠢ:
ᠴᠠᠭ:2025-03-14
ᠥᠵᠡᠭᠰᠡᠨ : ℃
ᠢᠷᠡᠯᠲᠡ: ︽ᠬᠡᠰᠢᠭᠳᠡᠨ ᠬᠤᠰᠢᠭᠤᠨ ᠤ ᠤᠢᠢᠯᠠᠯᠭ᠎ᠠ︵1991— 2008︶︾
ᠬᠤᠸᠠ ᠮᠦ ᠭᠸᠦ ᠤᠯᠤᠰ ᠤᠨ ᠤᠢ ᠰᠢᠭᠤᠢ ᠵᠢᠨ ᠴᠡᠴᠡᠷᠯᠢᠭ

ᠬᠤᠸᠠ ᠮᠦ ᠭᠸᠦ ᠤᠯᠤᠰ ᠤᠨ ᠤᠢ ᠰᠢᠭᠤᠢ ᠵᠢᠨ ᠴᠡᠴᠡᠷᠯᠢᠭ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠠᠲᠠ ᠬᠤᠲᠠ ᠵᠢᠨ ᠬᠡᠰᠢᠭᠳᠡᠨ ᠬᠤᠰᠢᠭᠤᠨ ᠤ ᠪᠠᠷᠠᠭᠤᠨ ᠡᠮᠦᠨ᠎ᠠ ᠬᠡᠰᠡᠭ ᠲᠤ ᠂ ᠶᠠᠨᠱᠠᠨ ᠠᠭᠤᠯᠠ ᠨᠢᠷᠤᠭᠤ ᠶᠢᠨ ᠵᠡᠬᠦᠨ ᠬᠡᠰᠡᠭ ᠤᠨ ᠴᠢᠯᠠᠭᠤᠲᠤ ᠠᠭᠤᠯᠠ ᠵᠢᠨ ᠳᠠᠪᠠᠭ᠎ᠠ ᠶᠢᠨ ᠬᠡᠰᠡᠭ ᠲᠤ ᠬᠠᠷᠢᠶᠠᠯᠠᠭᠳᠠᠨ᠎ᠠ᠃ ᠤᠯᠠᠭᠠᠨᠬᠠᠲᠠ ᠬᠤᠲᠠ ᠡᠴᠡ 210 ᠺᠢᠯᠤᠮᠸᠲ᠋ᠷ᠂ ᠪᠡᠭᠡᠵᠢᠩ ᠡᠴᠡ 480 ᠺᠢᠯᠤᠮᠸᠲ᠋ᠷ ᠃ ᠴᠡᠴᠡᠷᠯᠢᠭ ᠤᠨ ᠶᠡᠷᠦᠩᠬᠡᠢ ᠲᠠᠯᠠᠪᠠᠢ ᠨᠢ 41858 ᠡᠾᠸᠺᠲ᠋ᠠᠷ᠃ 2003 ᠤᠨ ᠤ 12 ᠳᠤᠭᠠᠷ ᠰᠠᠷ᠎ᠠ ᠳᠤ ᠤᠯᠤᠰ ᠤᠨ ᠤᠢ ᠰᠢᠭᠤᠢ ᠵᠢᠨ ᠲᠤᠪᠴᠢᠶ᠎ᠠ ᠡᠴᠡ ᠤᠯᠤᠰ ᠤᠨ ᠳᠡᠰ ᠤᠨ ᠤᠢ ᠰᠢᠭᠤᠢ ᠵᠢᠨ ᠴᠡᠴᠡᠷᠯᠢᠭ ᠵᠢᠡᠷ ᠵᠦᠪᠰᠢᠶᠡᠷᠡᠵᠡᠢ᠃ ᠪᠦᠰᠡᠯᠢᠭ ᠤᠷᠭᠤᠮᠠᠯ ᠤᠨ ᠬᠤᠴᠢᠯᠭ᠎ᠠ ᠳᠤ ᠤᠢ ᠰᠢᠭᠤᠢ᠂ ᠬᠡᠭᠡᠷ᠎ᠡ ᠲᠠᠯ᠎ᠠ᠂ ᠡᠯᠡᠰᠦᠨ ᠴᠦᠯ ᠂ ᠪᠦᠰᠡᠯᠢᠭ ᠪᠤᠰᠤ ᠤᠷᠭᠤᠮᠠᠯ ᠤᠨ ᠬᠤᠴᠢᠯᠭ᠎ᠠ ᠳᠤ ᠨᠤᠭᠤ ᠭᠠᠵᠠᠷ᠂ ᠨᠠᠮᠤᠭ ᠭᠠᠵᠠᠷ᠂ ᠲᠠᠪᠤᠰᠤᠯᠢᠭ ᠡᠯᠡᠰᠦᠨ ᠤᠷᠭᠤᠮᠠᠯ ᠤᠨ ᠬᠤᠴᠢᠯᠭ᠎ᠠ ᠵᠢᠨ ᠲᠥᠷᠥᠯ ᠵᠦᠢᠯ ᠪᠤᠢ᠃ ᠤᠢ ᠰᠢᠭᠤᠢ ᠵᠢᠨ ᠲᠠᠯᠠᠪᠠᠢ ᠨᠢ 4.79 ᠲᠦᠮᠡᠨ ᠡᠾᠸᠺᠲ᠋ᠠᠷ᠂ ᠵᠢᠨ ᠲᠤᠷᠤᠭ ᠮᠤᠳᠤᠨ ᠤᠢ 3.64 ᠲᠦᠮᠡᠨ ᠡᠾᠸᠺᠲ᠋ᠠᠷ᠂ ᠵᠢᠨ ᠪᠤᠲᠠ ᠮᠤᠲᠤᠨ ᠤᠢ 294 ᠡᠾᠸᠺᠲ᠋ᠠᠷ᠂ ᠲᠠᠷᠢᠮᠠᠯ ᠤᠢ 1.12 ᠲᠦᠮᠡᠨ ᠡᠾᠸᠺᠲ᠋ᠠᠷ ᠪᠠᠢᠵᠦ᠂ ᠤᠢ ᠰᠢᠭᠤᠢ ᠵᠢᠨ ᠪᠦᠷᠬᠦᠴᠡ ᠵᠢᠨ ᠨᠤᠷᠮ᠎ᠠ ᠨᠢ 22% ᠪᠣᠯᠣᠨ᠎ᠠ᠃ ᠴᠡᠴᠡᠷᠯᠢᠭ ᠲᠤ ᠤᠯᠠᠨ ᠲᠥᠷᠥᠯ ᠤᠨ ᠬᠡᠭᠡᠷ᠎ᠡ ᠶᠢᠨ ᠠᠮᠢᠲᠠᠨ ᠤᠷᠤᠰᠢᠨ ᠠᠮᠢᠳᠤᠷᠠᠵᠤ ᠪᠤᠢ᠃

ᠤᠢ ᠰᠢᠭᠤᠢ ᠵᠢᠨ ᠴᠡᠴᠡᠷᠯᠢᠭ ᠤᠨ ᠭᠤᠤᠯ ᠤᠷᠤᠨ ᠨᠢ ᠵᠢᠨ ᠡᠬᠦᠰᠦᠮᠡᠯ ᠬᠤᠰᠤ ᠮᠤᠳᠤᠨ ᠦᠵᠡᠮᠵᠢ ᠵᠢᠨ ᠤᠷᠤᠨ ᠂ ᠬᠤᠰᠤ ᠮᠤᠳᠤᠨ ᠤᠢ ᠵᠢᠨ ᠲᠠᠯᠠᠪᠠᠢ ᠨᠢ 3200 ᠭᠠᠷᠤᠢ ᠡᠾᠸᠺᠲ᠋ᠠᠷ ᠂ ᠠᠷᠤ ᠪᠡᠯ ᠢ ᠨᠢ ᠳᠠᠭᠠᠨ ᠠᠭᠤᠯᠠ ᠵᠢ ᠲᠥᠰᠢᠨ ᠤᠢ ᠪᠤᠯᠵᠤ᠂ ᠤᠢ ᠰᠢᠭᠤᠢ ᠢᠭᠴᠤ ᠰᠠᠬᠤᠯᠢᠭ ᠪᠣᠯᠬᠣᠷ ᠢᠶᠠᠨ ᠬᠥᠪᠴᠢ ᠤᠢ ᠵᠢᠨ ᠦᠵᠡᠮᠵᠢ ᠵᠢ ᠪᠤᠢ ᠪᠤᠯᠭᠠᠭᠰᠠᠨ ᠃