ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ︽ᠡᠷᠢᠶᠡᠨ ᠬᠤᠲᠠ ᠶᠢᠨ ᠣᠶᠢᠯᠠᠯᠭ᠎ᠠ ︵2000 – 2010︶︾
ᠡᠷᠢᠶᠡᠨ ᠬᠣᠲᠠ ᠶ᠋ᠢᠨ ᠤᠯᠤᠰ ᠤ᠋ᠨ ᠡᠭᠦᠳᠡᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ

ᠡᠷᠢᠶᠡᠨ ᠬᠣᠲᠠ ᠶ᠋ᠢᠨ ᠤᠯᠤᠰ ᠤ᠋ᠨ ᠡᠭᠦᠳᠡᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠬᠣᠲᠠ ᠶ᠋ᠢᠨ ᠬᠡᠰᠡᠭ ᠲᠦ ᠂ ᠡᠮᠦᠨᠡᠰᠢ ᠤᠮᠠᠷᠠᠰᠢ ᠪᠠᠨ 1800 ᠮᠧᠲ᠋ᠷ᠂ ᠵᠡᠭᠦᠨᠰᠢ ᠪᠠᠷᠠᠭᠤᠨᠰᠢ ᠪᠠᠨ 720 ᠮᠧᠲ᠋ᠷ᠂ ᠪᠠᠷᠤᠭ 130 ᠲᠦᠮᠡᠨ ᠳᠥᠷᠪᠡᠯᠵᠢᠨ ᠮᠧᠲᠷ ᠂ ᠬᠠᠮᠤᠭ ᠤᠨ ᠲᠠᠯ᠎ᠠ ᠳᠤᠮᠳᠠᠳᠤ ᠮᠣᠩᠭᠣᠯ ᠤ᠋ᠨ ᠬᠢᠯᠢ ᠶ᠋ᠢᠨ ᠱᠤᠭᠤᠮ ᠳᠤ ᠬᠦᠷᠴᠦ᠂ ᠤᠯᠤᠰ ᠤ᠋ᠨ AA ᠳᠡᠰ ᠤᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠪᠣᠯᠤᠨ᠎ᠠ᠃ ᠦᠵᠡᠮᠵᠢ ᠶᠢᠨ ᠣᠷᠣᠨ ᠢ ᠵᠣᠴᠢᠨ ᠤᠭᠲᠤᠬᠤ ᠲᠣᠭᠤᠷᠢᠭ᠂ ᠵᠠᠮ ᠳᠠᠭᠠᠤ ᠦᠵᠡᠮᠵᠢ ᠶᠢᠨ ᠣᠷᠣᠨ᠂ ᠭᠠᠯᠲᠤ ᠲᠡᠷᠭᠡᠨ ᠤ ᠳᠤᠷᠠᠰᠬᠠᠯ ᠤᠨ ᠠᠭᠤᠳᠠᠮ ᠲᠠᠯᠠᠪᠠᠢ ᠶᠢᠨ ᠲᠣᠭᠤᠷᠢᠭ᠂ ᠤᠯᠤᠰ ᠤᠨ ᠡᠭᠦᠳᠡᠨ ᠤ ᠲᠣᠭᠤᠷᠢᠨ ᠦᠵᠡᠬᠦ ᠲᠣᠭᠤᠷᠢᠭ᠂ ᠴᠠᠭᠳᠠᠭᠤᠯ ᠨᠣᠬᠠᠢ ᠶᠢᠨ ᠪᠣᠯᠪᠠᠰᠤᠷᠠᠯ ᠤᠨ ᠲᠣᠭᠤᠷᠢᠭ ᠪᠠ ᠬᠢᠯᠢ ᠶᠢᠨ ᠬᠥᠰᠢᠶ᠎ᠡ ᠶᠢ ᠲᠣᠭᠤᠷᠢᠨ ᠦᠵᠡᠬᠦ ᠲᠣᠭᠤᠷᠢᠭ ᠭᠡᠵᠦ ᠬᠡᠳᠦᠨ ᠬᠡᠰᠡᠭ ᠬᠤᠪᠢᠶᠠᠵᠦ ᠪᠣᠢ᠃ ᠦᠵᠡᠮᠵᠢ ᠶᠢᠨ ᠣᠷᠣᠨ ᠨᠢ ᠤᠯᠤᠰ ᠤᠨ ᠡᠭᠦᠳᠡ᠂ ᠬᠢᠯᠢ ᠶᠢᠨ ᠬᠥᠰᠢᠶ᠎ᠡ ᠪᠠᠷ ᠭᠤᠣᠯ ᠪᠣᠯᠭᠠᠵᠤ᠂《ᠬᠢᠯᠢ ᠶᠢᠨ ᠪᠣᠭᠤᠮᠲᠠ ᠶᠢᠨ ᠰᠣᠶᠣᠯ》ᠪᠣᠯᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢᠶᠠᠷ ᠭᠤᠣᠯ ᠰᠡᠳᠦᠪ ᠪᠣᠯᠭᠠᠵᠤ᠂ ᠡᠷᠢᠶᠡᠨ ᠬᠤᠳᠠ ᠶᠢᠨ ᠲᠡᠦᠬᠡ ᠶᠢᠨ ᠬᠤᠪᠢᠷᠠᠯᠲᠠ ᠪᠠᠷ ᠭᠤᠣᠯ ᠰᠢᠵᠢᠮ ᠪᠣᠯᠭᠠᠵᠤ᠂ ᠬᠢᠯᠢ ᠶᠢᠨ ᠰᠣᠶᠣᠯ ᠤᠨ ᠥᠪᠡᠷᠮᠢᠴᠡ ᠣᠨᠴᠠᠯᠢᠭ ᠲᠠᠢ ᠪᠠᠶᠢᠵᠤ᠂ ᠵᠤᠭᠠᠴᠠᠨ ᠲᠣᠭᠤᠷᠢᠬᠤ᠂ ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠦᠵᠡᠮᠵᠢ ᠶᠢᠨ ᠣᠷᠣᠨ ᠪᠣᠯᠤᠨ᠎ᠠ᠃