ᠵᠤᠬᠢᠶᠠᠭᠴᠢ:
ᠴᠠᠭ:2025-01-17
ᠥᠵᠡᠭᠰᠡᠨ : ℃
ᠢᠷᠡᠯᠲᠡ: ︽ ︵1996 — 2005︶︾
ᠷᠠᠰᠢᠶᠠᠨ ᠤᠯᠤᠰ ᠤᠨ ᠤᠢ ᠰᠢᠭᠤᠢ ᠶᠢᠨ ᠴᠡᠴᠡᠷᠯᠢᠭ

ᠷᠠᠰᠢᠶᠠᠨ ᠤᠯᠤᠰ ᠤᠨ ᠣᠶ ᠰᠢᠭᠤᠶ ᠶᠢᠨ ᠴᠡᠴᠡᠷᠯᠢᠭ ᠥᠪᠥᠷ ᠮᠣᠩᠭᠤᠯ ᠤᠨ ᠷᠠᠰᠢᠶᠠᠨ ᠣᠶ ᠰᠢᠭᠤᠶ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠠᠵᠤ ᠦᠢᠯᠡᠰ ᠤᠨ ᠲᠣᠭᠤᠷᠢᠭ ᠲᠤ ᠪᠠᠶᠢᠷᠢᠯᠠᠵᠤ᠂ ᠵᠠᠰᠠᠭ ᠵᠠᠬᠢᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠵᠠᠯᠠᠨ ᠠᠶᠢᠯ ᠬᠤᠲᠠ ᠪᠠ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠬᠠᠷᠢᠶᠠᠯᠠᠭᠳᠠᠬᠤ ᠪᠣᠯᠪᠠᠴᠤ ᠶᠡᠬᠡᠩᠬᠢ ᠣᠷᠣᠨ ᠪᠦᠰᠡ ᠨᠢ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠪᠠᠶᠢᠷᠢᠯᠠᠵᠤ ᠪᠠᠶᠢᠳᠠᠭ᠃
2000 ᠣᠨ ᠤ 2 ᠰᠠᠷ᠎ᠠ ᠶᠢᠨ 22 ᠤᠨ ᠡᠳᠦᠷ᠂ ᠤᠯᠤᠰ ᠤᠨ ᠣᠢ ᠰᠢᠭᠤᠢ ᠶᠢᠨ ᠲᠣᠪᠴᠢᠶ᠎ᠠ ᠪᠠᠷ ᠭᠦ᠋ᠯᠦᠭᠡᠳ ᠵᠢᠩᠭᠢᠨᠢ ᠪᠠᠷ ᠪᠠᠶᠢᠭᠤᠯᠤᠭᠳᠠᠪᠠ᠂ ᠶᠡᠷᠦᠩᠬᠡᠢ ᠲᠠᠯᠠᠪᠠᠢ ᠨᠢ 10.3149 ᠲᠦᠮᠡᠨ ᠾᠧᠺᠲ᠋ᠠᠷ ᠪᠠᠶᠢᠵᠤ᠂ ᠡᠭᠦᠨ ᠳᠤ ᠲᠠᠷᠢᠮᠠᠯ ᠤᠢ 17 ᠾᠧᠺᠲ᠋ᠠᠷ ᠪᠣᠢ᠃ 2009 ᠣᠨ ᠳᠤ ᠥᠪᠥᠷ ᠮᠣᠩᠭᠤᠯ ᠤᠨ ᠷᠠᠰᠢᠶᠠᠨ ᠤᠯᠤᠰ ᠤᠨ ᠣᠢ ᠰᠢᠭᠤᠶ ᠶᠢᠨ ᠴᠡᠴᠡᠷᠯᠢᠭ ᠢ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠤᠨ ᠶᠠᠮᠤᠨ ᠠᠴᠠ 《ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ》 ᠢᠶᠡᠷ ᠨᠡᠷᠡᠶᠢᠳᠪᠡ᠃ 2011 ᠣᠨ ᠳᠤ ᠰᠢᠨᠵᠢᠯᠡᠬᠦ ᠤᠬᠠᠭᠠᠨ ᠨᠡᠶᠢᠭᠡᠮᠯᠢᠭ ᠡᠴᠡ《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠬᠦᠮᠦᠵᠢᠯ ᠦᠨ ᠰᠠᠭᠤᠷᠢᠨ ᠭᠠᠵᠠᠷ》 ᠢᠶᠡᠷ ᠨᠡᠷᠡᠶᠢᠳᠪᠡ᠃ 2012 ᠣᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠥᠪᠥᠷ ᠮᠣᠩᠭᠤᠯ ᠤᠨ ᠷᠠᠰᠢᠶᠠᠨ ᠤᠯᠤᠰ ᠤᠨ ᠣᠢ ᠰᠢᠭᠤᠶ ᠶᠢᠨ ᠴᠡᠴᠡᠷᠯᠢᠭ ᠢ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠦᠨ ᠰᠠᠭᠤᠷᠢᠨ ᠭᠠᠵᠠᠷ ᠭᠡᠵᠦ ᠵᠢᠩᠬᠢᠨᠢ ᠪᠠᠷ ᠨᠡᠷᠡᠶᠢᠳᠪᠡ᠃ 2017 ᠣᠨ ᠳᠤ᠂ ᠥᠪᠥᠷ ᠮᠣᠩᠭᠤᠯ ᠤᠨ ᠷᠠᠰᠢᠶᠠᠨ ᠤᠯᠤᠰ ᠤᠨ ᠣᠢ ᠰᠢᠭᠤᠢ ᠶᠢᠨ ᠴᠡᠴᠡᠷᠯᠢᠭ ᠢ ᠤᠯᠤᠰ ᠤᠨ AAAA ᠳᠡᠰ ᠤᠨ ᠤᠨ ᠦᠵᠡᠮᠵᠢ ᠶᠢᠨ ᠣᠷᠣᠨ᠂ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠭᠠᠨ ᠳᠡᠪᠰᠢᠭᠦᠯᠵᠡᠢ᠃ 2019 ᠣᠨ ᠤ 10 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠷᠠᠰᠢᠶᠠᠨ ᠤᠯᠤᠰ ᠤᠨ ᠣᠶ ᠰᠢᠭᠤᠶ ᠶᠢᠨ ᠴᠡᠴᠡᠷᠯᠢᠭ《ᠳᠤᠮᠳᠠᠳᠤ ᠤᠯᠤᠰ ᠤᠨ ᠣᠶ ᠰᠢᠭᠤᠶ ᠶᠢᠨ ᠬᠦᠴᠢᠯᠲᠥ᠋ᠷᠥᠭᠴᠢ ᠶᠢᠨ ᠪᠠᠭᠠᠷ》 ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠨ ᠣᠷᠣᠪᠠ᠃
ᠤᠢ ᠰᠢᠭᠤᠢ ᠶᠢᠨ ᠴᠡᠴᠡᠷᠯᠢᠭ ᠲᠤ ᠰᠡᠭᠡᠷᠲᠡᠨ 75 ᠢᠵᠠᠭᠤᠷ ᠤᠨ 171 ᠲᠥᠷᠥᠯ ᠤᠨ 277 ᠪᠤᠢ᠂ ᠡᠭᠦᠨ ᠳᠤ ᠬᠥᠬᠦᠲᠡᠨ ᠤ ᠲᠥᠷᠥᠯ ᠳᠤ 15 ᠢᠵᠠᠭᠤᠷ ᠤᠨ 36 ᠲᠥᠷᠥᠯ ᠤᠨ 54 ᠂ ᠰᠢᠪᠠᠭᠤᠨ ᠤ ᠲᠥᠷᠥᠯ ᠳᠤ 39 ᠢᠵᠠᠭᠤᠷ ᠤᠨ 93 ᠲᠥᠷᠥᠯ ᠤᠨ 170 ᠳᠦᠷᠰᠦ᠂ ᠵᠢᠭᠠᠰᠤᠨ ᠤ ᠲᠥᠷᠥᠯ ᠳᠤ 9 ᠢᠵᠠᠭᠤᠷ ᠤᠨ 24 ᠲᠦᠷᠦᠯ ᠤᠨ 30 ᠳᠦᠷᠰᠦ᠂ ᠬᠤᠶᠠᠷ ᠨᠤᠲᠤᠭᠲᠠᠨ ᠤ ᠲᠥᠷᠥᠯ ᠳᠤ ᠨᠡᠶᠢᠲᠡ 4 ᠢᠵᠠᠭᠤᠷ ᠤᠨ 5 ᠲᠥᠷᠥᠯ ᠤᠨ 7 ᠳᠦᠷᠰᠦ᠂ ᠮᠦᠯᠬᠦᠭᠴᠢ ᠶᠢᠨ ᠲᠥᠷᠥᠯ ᠳᠤ ᠨᠡᠶᠢᠲᠡ 3 ᠢᠵᠠᠭᠤᠷ ᠤᠨ 5 ᠲᠥᠷᠥᠯ ᠤᠨ 7 ᠳᠦᠷᠰᠦ ᠪᠤᠢ᠂ ᠪᠤᠰᠤᠳ ᠲᠥᠷᠥᠯ ᠤᠨ ᠬᠢ ᠳᠦ 5 ᠢᠵᠠᠭᠤᠷ ᠤᠨ 9 ᠲᠥᠷᠥᠯ ᠤᠨ 9 ᠳᠦᠷᠰᠦ ᠪᠣᠢ᠃