ᠵᠤᠬᠢᠶᠠᠭᠴᠢ:
ᠴᠠᠭ:2025-09-05
ᠥᠵᠡᠭᠰᠡᠨ : ℃
ᠢᠷᠡᠯᠲᠡ:
ᠪᠣᠯ ᠤᠯᠤᠰ ᠤᠨ AAAA ᠲᠠᠰ ᠤᠨ ᠦᠵᠡᠮᠵᠢ ᠶᠢᠨ ᠣᠷᠣᠨ ᠪᠣᠯᠤᠨ᠎ᠠ᠃ ᠲᠡᠷᠡ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ ᠬᠣᠲᠠ ᠶᠢᠨ ᠪᠠᠷᠠᠭᠤᠨ ᠡᠮᠦᠨᠡᠲᠦ ᠬᠡᠰᠡᠭ᠂ ᠨᠠᠶᠮᠠᠨ ᠬᠣᠰᠢᠭᠤᠨ ᠤ ᠵᠡᠭᠦᠨ ᠬᠣᠶᠢᠲᠤ ᠬᠡᠰᠡᠭ ᠪᠠᠷᠠᠭᠤᠨ ᠭᠣᠸᠯ ᠤᠨ ᠳᠡᠭᠡᠳᠦ ᠤᠷᠤᠰᠬᠠᠯ ᠳᠤ ᠪᠠᠶᠢᠷᠢᠰᠢᠵᠤ ᠃
2015 ᠣᠨ ᠳᠤ ᠲᠣᠰ ᠴᠡᠴᠡᠷᠯᠢᠭ ᠤᠯᠤᠰ ᠤᠨ ᠭᠠᠵᠠᠷ ᠤᠨ ᠴᠡᠴᠡᠷᠯᠢᠭ ᠦᠨ ᠲᠤᠷᠰᠢᠯᠲᠠ ᠶᠢᠨ ᠢᠶᠠᠷ ᠵᠥᠪᠰᠢᠶᠡᠷᠡᠭᠳᠡᠵᠦ᠂ 2020 ᠣᠨ ᠳᠤ ᠵᠢᠩᠬᠢᠨᠢ ᠪᠡᠷ ᠵᠥᠪᠰᠢᠶᠡᠷᠡᠭᠳᠡᠵᠡᠶ᠃ ᠲᠡᠭᠦᠨ ᠦ ᠴᠢᠳᠠᠮᠵᠢ ᠨᠢ ᠣᠯᠠᠨ ᠶᠠᠩᠵᠤ ᠶᠢᠨ ᠪᠠᠶᠢᠵᠤ᠂ ᠬᠣᠷᠴᠢᠨ ᠤ ᠡᠯᠡᠰᠦᠷᠬᠡᠭ ᠭᠠᠵᠠᠷ ᠤᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠴᠢᠳᠠᠮᠵᠢᠳᠤ ᠣᠷᠣᠨ ᠪᠣᠯᠤᠭᠰᠠᠨ ᠤ ᠬᠤᠪᠢ ᠳᠤ᠂ ᠪᠠᠷᠠᠭᠤᠨ ᠯᠢᠶᠣᠤ ᠾᠧ ᠭᠣᠸᠯ ᠤᠨ ᠳᠡᠭᠡᠳᠦ ᠤᠷᠤᠰᠬᠠᠯ ᠤᠨ ᠴᠢᠬᠤᠯᠠ ᠠᠮᠢ ᠠᠬᠤᠶ ᠶᠢᠨ ᠬᠠᠯᠬᠠᠪᠴᠢ ᠪᠣᠯᠤᠭᠰᠠᠨ ᠪᠠᠶᠢᠨ᠎ᠠ᠃ ᠡᠭᠦᠨ ᠦ ᠬᠠᠮᠲᠤ᠂ ᠵᠡᠭᠦᠨ ᠠᠽᠢᠶ᠎ᠠ — ᠠᠦ᠋ᠰᠲ᠋ᠷᠠᠯᠢᠶ᠎ᠠ ᠶᠢᠨ ᠰᠢᠪᠠᠭᠤᠳ ᠤᠨ ᠨᠡᠭᠦᠳᠡᠯ ᠦᠨ ᠵᠠᠮ ᠳᠡᠭᠡᠷ᠎ᠡ ᠣᠷᠣᠰᠢᠵᠤ᠂ ᠬᠥᠬᠡ ᠲᠣᠯᠣᠭᠠᠶᠢᠲᠤ ᠱᠤᠩᠭᠤᠯ ᠨᠤᠭᠤᠰᠤ ᠵᠡᠷᠭᠡ ᠬᠣᠪᠣᠷ ᠴᠤᠬᠠᠭ ᠨᠡᠭᠦᠳᠡᠯ ᠦᠨ ᠰᠢᠪᠠᠭᠤᠳ ᠲᠤ ᠠᠮᠠᠷᠠᠬᠤ ᠭᠠᠵᠠᠷ ᠃ ᠡᠭᠦᠨ ᠡᠴᠡ ᠭᠠᠳᠠᠨ᠎ᠠ᠂ ᠪᠠᠰᠠ ᠤᠰᠤ ᠬᠠᠳᠠᠭᠠᠯᠠᠬᠤ᠂ ᠤᠰᠤᠯᠠᠬᠤ᠂ ᠦᠶᠡᠷ ᠢ ᠰᠠᠯᠭᠠᠬᠤ ᠵᠡᠷᠭᠡ ᠴᠢᠳᠠᠮᠵᠢ ᠲᠠᠶ ᠪᠥᠭᠡᠳ ᠪᠠᠰᠠ ᠰᠡᠯᠡᠭᠦᠴᠡᠯ᠂ ᠵᠢᠭᠤᠯᠴᠢᠯᠠᠯ᠂ ᠠᠮᠠᠷᠠᠯᠲᠠ ᠵᠡᠷᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠨ ᠪᠣᠯᠤᠨ᠎ᠠ᠃
