ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠶᠠᠮᠠᠷ ᠳᠥᠭᠦᠮ ᠦᠢᠯᠡᠴᠢᠯᠡᠭᠡ ᠭᠦᠷᠲᠡᠳᠡᠭ ᠪᠣᠶ︖
ᠣᠶᠢᠷ᠎ᠠ ᠶᠢᠨ ᠵᠢᠯ ᠤᠳ ᠲᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 《ᠨᠢᠭᠡ ᠺᠠᠷᠲ ᠢ ᠣᠯᠠᠨ ᠵᠦᠢᠯ ᠳᠤ ᠬᠡᠷᠡᠭᠯᠡᠬᠦ᠂ ᠪᠥᠬᠦ ᠤᠯᠤᠰ ᠲᠤ ᠨᠡᠶᠢᠳᠡᠮ ᠬᠡᠷᠡᠭᠯᠡᠬᠦ》 ᠵᠠᠷᠴᠢᠮ ᠢ ᠵᠢᠷᠤᠮᠯᠠᠨ᠂ ᠲᠦᠷᠦᠭᠦ᠂ ᠠᠵᠢᠯ ᠣᠯᠭᠤᠬᠤ᠂ ᠠᠵᠢᠯ ᠠᠯᠳᠠᠬᠤ᠂ ᠰᠢᠯᠵᠢᠬᠦ᠂ ᠠᠵᠢᠯ ᠠᠮᠠᠷᠠᠯᠲᠠ ᠪᠠᠨ ᠠᠪᠬᠤ ᠵᠡᠷᠭᠡ ᠪᠠᠷ ᠭᠤᠤᠯ ᠱᠤᠭᠤᠮ ᠪᠣᠯᠭᠠᠵᠤ᠂ ᠪᠥᠬᠦ ᠲᠤᠬᠠᠶᠢᠯᠠᠭᠰᠠᠨ ᠠᠵᠢᠯ ᠢ ᠺᠠᠷᠲ ᠲᠤ ᠣᠷᠣᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠺᠠᠷᠲ ᠬᠡᠷᠡᠭᠯᠡᠬᠦ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠺᠠᠷᠲ ᠬᠡᠷᠡᠭᠯᠡᠬᠦ ᠶᠢ ᠳᠥᠯᠭᠢᠨ ᠠᠬᠢᠭᠤᠯᠵᠤ᠂ ᠰᠠᠭᠤᠭᠠᠯᠢ ᠠᠷᠠᠳ ᠤᠨ ᠦᠢᠯᠡᠴᠢᠯᠡᠭᠡᠨᠤ 《ᠨᠢᠭᠡ ᠺᠠᠷᠲ ᠢᠶᠠᠷ ᠨᠡᠪᠲᠡᠷᠡᠭᠦᠯᠬᠦ》 ᠴᠢᠳᠠᠮᠵᠢ ᠶᠢ ᠲᠠᠰᠤᠷᠠᠯᠲᠠ ᠥᠬᠡᠶ ᠥᠷᠭᠡᠳᠬᠡᠨ᠂ ᠨᠠᠩ ᠳᠥᠭᠦᠮ ᠳᠥᠲᠡ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠨᠠᠩ ᠨᠠᠶᠢᠳᠠᠪᠤᠷᠢᠲᠠᠶ᠂ ᠨᠠᠩ ᠭᠦᠢᠴᠡᠳ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠷᠲᠡᠭᠡᠪᠡ᠃
ᠲᠦᠷᠦᠭᠦ
《ᠲᠦᠷᠦᠬᠦ ᠶᠢᠨ ᠨᠢᠭᠡᠨ ᠶᠠᠪᠤᠳᠠᠯ》 ᠤᠨ ᠦᠢᠯᠡᠴᠢᠯᠡᠭᠡ ᠪᠠᠷ ᠳᠠᠮᠵᠢᠭᠤᠯᠤᠨ᠂ ᠲᠥᠷᠥᠭᠰᠡᠨ ᠬᠡᠦᠬᠡᠳ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠪᠠ ᠲᠦᠷᠦᠭᠰᠡᠨ ᠢ ᠭᠡᠷᠡᠴᠢᠯᠡᠬᠦ ᠠᠨᠠᠭᠠᠬᠤ ᠤᠬᠠᠭᠠᠨ ᠤ ᠭᠡᠷᠡᠴᠢ᠂ ᠬᠡᠦᠬᠡᠳ ᠤᠨ ᠰᠡᠷᠭᠡᠶᠢᠯᠡᠯᠲᠡ ᠶᠢᠨ ᠲᠠᠷᠢᠯᠭ᠎ᠠ᠂ ᠡᠷᠦᠬᠡ ᠠᠮᠠ ᠶᠢᠨ ᠳᠡᠩᠰᠡᠯᠡᠯᠲᠡ᠂ ᠡᠮ ᠡᠮᠨᠡᠯᠭᠡ ᠶᠢᠨ ᠳᠠᠭᠠᠳᠬᠠᠯ ᠳᠤ ᠣᠷᠣᠬᠤ ᠵᠡᠷᠭᠡ ᠶᠢ ᠨᠢᠭᠡ ᠬᠡᠯᠬᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠪᠡ᠃
ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠪᠠ ᠪᠥᠬᠦ ᠤᠯᠤᠰ ᠢᠶᠠᠷ ᠢᠶᠠᠨ ᠬᠠᠮᠵᠢᠯᠴᠠᠬᠤ ᠪᠠᠷ ᠳᠠᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ 《ᠪᠠᠷᠢᠨ ᠭᠦᠢᠴᠡᠳᠭᠡᠬᠦ》 ᠪᠠᠷ ᠲᠦᠷᠭᠡᠨ ᠭᠤᠶᠤᠴᠢᠯᠠᠨ ᠠᠪᠬᠤ᠂ ᠪᠣᠳᠠᠲᠤ ᠴᠣᠭᠴᠠ ᠪᠠ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠢᠵᠢᠯ ᠠᠯᠬᠤᠮ ᠢᠶᠠᠷ ᠭᠤᠶᠤᠴᠢᠯᠠᠨ ᠠᠪᠬᠤ᠂ 《ᠮᠤᠵᠢ ᠲᠠᠮᠨᠠᠨ ᠨᠡᠶᠢᠳᠡᠮ ᠭᠦᠢᠴᠡᠳᠭᠡᠬᠦ》 ᠪᠠᠷ ᠰᠦᠯᠵᠢᠶᠡᠨ ᠳᠡᠭᠡᠷ᠎ᠡ ᠭᠤᠶᠤᠴᠢᠯᠠᠨ ᠠᠪᠬᠤ ᠵᠡᠷᠭᠡ ᠦᠢᠯᠡᠴᠢᠯᠡᠭᠡᠨ ᠤ ᠠᠷᠭ᠎ᠠ ᠮᠠᠶ᠋ᠢᠭ ᠢ ᠬᠠᠩᠭᠠᠵᠤ᠂ 《ᠬᠥᠮᠦᠨ ᠤ ᠠᠮᠢᠳᠤᠷᠠᠯ ᠤᠨ ᠠᠩᠬᠠᠨ ᠤ ᠥᠷᠲᠡᠭᠡ》 ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡ ᠬᠦᠷᠲᠡᠭᠡᠬᠦ ᠪᠣᠯᠤᠨ᠎ᠠ᠃
ᠠᠵᠢᠯ ᠤᠯᠬᠤ
ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠲᠦᠰᠢᠭᠯᠡᠨ 《ᠰᠦᠯᠵᠢᠶᠡᠨ ᠳᠡᠭᠡᠷᠡᠬᠢ ᠠᠵᠢᠯ ᠣᠯᠭᠤᠯᠲᠠ 》 ᠶᠢᠨ ᠬᠡᠯᠪᠡᠷᠢ ᠶᠢᠨ ᠠᠵᠢᠯᠲᠠᠨ ᠡᠯᠰᠡᠬᠦ ᠦᠢᠯᠡᠴᠢᠯᠡᠭᠡ ᠬᠠᠩᠭᠠᠵᠤ᠂ ᠠᠵᠢᠯ ᠡᠷᠢᠭᠰᠡᠳ ᠪᠥᠬᠦ ᠤᠯᠤᠰ ᠤᠨ ᠬᠡᠪᠴᠢᠶᠡᠨ ᠤ ᠡᠯ᠎ᠡ ᠲᠥᠷᠥᠯ ᠤᠨ ᠠᠵᠢᠯ ᠲᠠᠨᠢᠯᠴᠠᠭᠤᠯᠬᠤ ᠪᠠᠶᠢᠭᠤᠯᠤᠮᠵᠢ ᠶᠢᠨ ᠨᠡᠶᠢᠲᠡᠯᠡᠭᠰᠡᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠬᠤ ᠶᠢᠨ ᠬᠠᠮᠲᠤ ᠭᠤᠶᠤᠴᠢᠯᠠᠯ ᠭᠠᠷᠭᠠᠵᠤ ᠪᠣᠯᠤᠨ᠎ᠠ᠃
ᠡᠯ᠎ᠡ ᠭᠠᠵᠠᠷ ᠤᠨ ᠬᠢᠨ ᠠᠵᠢᠯ ᠣᠯᠵᠤ ᠦᠢᠯᠡᠰ ᠴᠣᠭᠴᠠᠯᠠᠬᠤ ᠦᠨᠡᠮᠯᠡᠯ ᠪᠣᠯᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ 《ᠦᠨᠡᠮᠯᠡᠯ ᠪᠠ ᠺᠠᠷᠲ ᠢ ᠨᠢᠭᠡᠳᠬᠡᠬᠦ》 ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠦᠢᠯᠡᠰ ᠴᠣᠭᠴᠠᠯᠠᠬᠤ ᠪᠠᠷᠢᠴᠠᠭᠠᠳᠤ ᠵᠢᠭᠡᠯᠡᠯᠭᠡ ᠭᠤᠶᠤᠴᠢᠯᠠᠬᠤ᠂ ᠴᠢᠳᠠᠪᠤᠷᠢᠲᠠᠨ ᠤ ᠦᠢᠯᠡᠴᠢᠯᠡᠭᠡᠨ ᠳᠤ 《ᠪᠦᠬᠦᠨ ᠳᠤ ᠳᠣᠭᠢᠷᠠᠬᠤ ᠺᠠᠷᠲ》 ᠭᠥᠷᠳᠡᠬᠦ ᠶᠢ ᠪᠡᠶᠡᠯᠡᠭᠦᠯᠵᠦ᠂ ᠠᠵᠢᠯ ᠡᠷᠢᠵᠦ ᠦᠢᠯᠡᠰ ᠴᠣᠭᠴᠠᠯᠠᠬᠤ ᠨᠢ 《ᠰᠦᠯᠵᠢᠶᠡᠨ ᠤ ᠭᠠᠲᠠᠨ᠎ᠠ》 ᠪᠠᠶᠢᠭᠰᠠᠨ ᠢ 《ᠰᠦᠯᠵᠢᠶᠡᠨ ᠳᠡᠭᠡᠷ᠎ᠡ》 ᠪᠣᠯᠭᠠᠵᠤ᠂ 《ᠶᠡᠭᠡ ᠬᠡᠮᠵᠢᠶ᠎ᠡ ᠪᠠᠷ ᠪᠠᠶᠢᠴᠠᠭᠠᠨ ᠯᠠᠪᠯᠠᠳᠠᠭ》 ᠪᠠᠶᠢᠭᠰᠠᠨ ᠢ 《ᠣᠶᠤᠨᠴᠢ ᠪᠠᠷ ᠵᠣᠬᠢᠴᠠᠭᠤᠯᠬᠤ》 ᠪᠣᠯᠭᠠᠵᠤ᠂ ᠠᠵᠢᠯ ᠣᠯᠭᠤᠯᠲᠠ ᠶᠢ ᠨᠠᠩ ᠳᠥᠭᠦᠮ ᠳᠥᠲᠡ ᠪᠣᠯᠭᠠᠵᠤ᠂ ᠦᠢᠯᠡᠰ ᠴᠣᠭᠴᠠᠯᠠᠬᠤ ᠶᠢ ᠨᠡᠩ ᠪᠠᠲᠤᠯᠠᠭ᠎ᠠ ᠲᠠᠢ ᠪᠣᠯᠭᠠᠪᠠ᠃
ᠪᠤᠯᠪᠠᠰᠤᠷᠠᠭᠤᠯᠤᠯ
ᠪᠥᠬᠦ ᠤᠯᠤᠰ ᠤᠨ ᠪᠣᠶ ᠪᠥᠬᠦᠶ ᠲᠤᠰᠬᠠᠶ ᠣᠷᠣᠨ ᠬᠤᠲᠠ ᠨᠢᠭᠡᠨᠲᠡ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠲᠡᠮᠳᠡᠭᠲᠦ ᠶᠢᠨ ᠴᠢᠳᠠᠮᠵᠢ ᠶᠢ ᠨᠡᠪᠲᠡᠷᠡᠭᠦᠯᠵᠦ᠂ ᠨᠥᠬᠦᠴᠡᠯ ᠳᠤ ᠨᠡᠶᠢᠴᠡᠬᠦ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠲᠡᠮᠳᠡᠭ ᠢ ᠠᠪᠴᠤ᠂ ᠬᠤᠯᠪᠣᠭᠳᠠᠯ ᠪᠥᠬᠦᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠨ ᠨᠡᠷ᠎ᠡ ᠶᠢᠨ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠰᠣᠩᠭᠤᠨ ᠭᠥᠷᠳᠡᠵᠦ ᠪᠣᠯᠤᠨ᠎ᠠ᠃ ᠡᠭᠦᠨ ᠤ ᠬᠠᠮᠲᠤ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠥᠪᠡᠷ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃
ᠠᠵᠢᠯ ᠠᠯᠳᠠᠬᠤ
ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠪᠥᠬᠦ ᠤᠯᠤᠰ ᠤᠨ ᠬᠡᠪᠴᠢᠶᠡᠨ ᠳᠠᠬᠢ ᠠᠵᠢᠯ ᠠᠯᠳᠠᠯᠲᠠ ᠶᠢᠨ ᠳᠡᠩᠰᠡᠯᠡᠯᠲᠡ ᠪᠠ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠭᠤᠶᠤᠴᠢᠯᠠᠨ ᠠᠪᠬᠤ ᠦᠢᠯᠡᠴᠢᠯᠡᠭᠡ ᠬᠠᠩᠭᠠᠵᠤ᠂ ᠠᠵᠢᠯ ᠠᠯᠳᠠᠭᠰᠠᠳ ᠬᠡᠷ ᠠᠴᠠ ᠪᠠᠨ ᠭᠠᠷᠬᠤ ᠥᠬᠡᠶ ᠪᠠᠷ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠡᠶ᠎ᠡ ᠶᠢᠨ ᠬᠢᠷᠢ ᠬᠡᠮ ᠤᠨ ᠬᠢᠨᠠᠨ ᠰᠢᠯᠭᠠᠯᠲᠠ ᠪᠠᠷ ᠪᠠᠲᠤᠯᠠᠬᠲᠠᠪᠠᠯ ᠳᠠᠷᠤᠶ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠯᠲᠠ ᠶᠢᠨ ᠨᠥᠬᠦᠪᠥᠷᠢ ᠮᠥᠩᠭᠦ ᠶᠢ ᠭᠤᠶᠤᠴᠢᠯᠠᠨ ᠠᠪᠴᠤ ᠪᠣᠯᠤᠨ᠎ᠠ᠃
ᠡᠯ᠎ᠡ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠷᠠᠭᠠᠯᠵᠠᠯ ᠢ ᠬᠢᠨᠠᠨ ᠬᠠᠷᠭᠤᠭᠤᠯᠬᠤ ᠠᠵᠢᠯ ᠢ ᠰᠦᠯᠵᠢᠶᠡᠨ ᠳᠤ ᠬᠤᠯᠪᠤᠨ 《ᠲᠦᠷᠭᠡᠨ ᠭᠦᠢᠴᠡᠳᠭᠡᠵᠦ》 ᠂ ᠬᠠᠷᠠᠭᠠᠯᠵᠠᠯ ᠢ ᠲᠣᠰ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠬᠡ ᠳᠤ ᠣᠯᠭᠤᠵᠤ᠂ ᠪᠥᠬᠦ ᠶᠠᠪᠤᠴᠠ ᠳᠤᠨᠢ ᠠᠭᠤᠯᠵᠠᠬᠤ ᠥᠬᠡᠶ ᠪᠠᠷ ᠦᠢᠯᠡᠴᠢᠯᠡᠬᠦ ᠪᠠ ᠨᠠᠷᠢᠯᠢᠭ ᠣᠨᠣᠴᠠᠲᠠᠶ ᠪᠠᠷ ᠴᠠᠭ ᠲᠤᠬᠠᠶ ᠳᠤᠨᠢ ᠣᠯᠭᠤᠬᠤ ᠶᠢ ᠪᠡᠶᠡᠯᠡᠭᠦᠯᠬᠦ ᠪᠤᠯᠤᠨ᠎ᠠ᠃
ᠳᠠᠭᠠᠳᠬᠠᠯ ᠳᠤ ᠣᠷᠣᠬᠤ
ᠣᠯᠠᠨ ᠲᠦᠮᠡᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠲᠣᠰ ᠬᠥᠮᠦᠨ ᠤ ᠡᠯ᠎ᠡ ᠭᠠᠵᠠᠷ ᠲᠤ ᠳᠠᠭᠠᠳᠬᠠᠯ ᠳᠤ ᠣᠷᠣᠯᠴᠠᠭᠠᠳ ᠪᠣᠶ ᠪᠣᠯᠤᠭᠰᠠᠨ ᠨᠡᠶᠢᠭᠡᠮ ᠤᠨ ᠳᠠᠭᠠᠳᠬᠠᠯ ᠤᠨ ᠡᠷᠬᠡ ᠠᠰᠢᠭ ᠤᠨ ᠲᠡᠮᠳᠡᠭᠯᠡᠯ ᠤᠨ ᠬᠠᠭᠤᠳᠠᠰᠤ ᠪᠠᠨ ᠪᠠᠶᠢᠴᠠᠭᠠᠨ ᠯᠠᠪᠯᠠᠵᠤ ᠪᠣᠯᠤᠨ᠎ᠠ᠂ ᠪᠠᠰᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠲᠤᠬᠠᠶᠢᠯᠠᠭᠰᠠᠨ ᠠᠵᠢᠯ ᠢ ᠭᠤᠶᠤᠴᠢᠯᠠᠨ ᠭᠦᠢᠴᠡᠳᠭᠡᠵᠦ ᠪᠣᠯᠤᠨ᠎ᠠ᠂ ᠳᠠᠭᠠᠳᠬᠠᠯ ᠳᠤ ᠣᠷᠣᠯᠴᠠᠵᠤ ᠵᠠᠷᠤᠲᠠᠯ ᠲᠤᠰᠢᠶᠠᠭᠰᠠᠨ ᠭᠡᠷᠡᠴᠢ ᠪᠠᠷᠢᠮᠲᠠ ᠶᠢ ᠬᠠᠭᠤᠯᠪᠤᠷᠢᠯᠠᠬᠤ ᠪᠤᠶᠤ ᠬᠤᠶᠠᠷ ᠭᠠᠵᠠᠷ ᠲᠤ ᠨᠠᠰᠢ ᠴᠠᠰᠢ ᠬᠦᠶᠦᠭᠰᠡᠨ ᠤ ᠬᠡᠷᠡᠭ ᠥᠬᠡᠶ᠂ ᠳᠠᠷᠤᠶ 《ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ》 ᠶᠢ ᠪᠡᠶᠡᠯᠡᠭᠦᠯᠬᠦ ᠪᠣᠯᠤᠨ᠎ᠠ᠃
ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠵᠡᠷᠭᠡ ᠶᠢ ᠴᠥᠮ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠬᠡ ᠪᠠᠷ ᠳᠠᠮᠵᠢᠭᠤᠯᠤᠨ ᠠᠪᠴᠤ ᠪᠣᠯᠤᠨ᠎ᠠ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠲᠦᠰᠢᠭᠯᠡᠨ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ 《ᠥᠪᠡᠰᠦᠪᠡᠨ ᠭᠦᠢᠴᠡᠳᠭᠡᠬᠦ》 《ᠰᠦᠯᠵᠢᠶᠡᠨ ᠳᠡᠭᠡᠷ᠎ᠡ ᠭᠦᠢᠴᠡᠳᠭᠡᠬᠦ》 《ᠭᠠᠷ ᠤᠲᠠᠰᠤ ᠪᠠᠷ ᠭᠦᠢᠴᠡᠳᠭᠡᠬᠦ》 ᠶᠢ ᠢᠳᠡᠪᠬᠢᠲᠡᠶ ᠰᠦᠪᠡᠭᠴᠢᠯᠡᠪᠡ᠃
ᠨᠠᠰᠤᠲᠠᠨ ᠢ ᠠᠰᠠᠷᠠᠬᠤ
ᠣᠯᠠᠨ ᠲᠦᠮᠡᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ 《ᠵᠢᠰᠦ ᠪᠠᠨ ᠲᠠᠨᠢᠭᠤᠯᠬᠤ》 ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠬᠢᠵᠦ ᠪᠣᠯᠤᠨ᠎ᠠ᠃ ᠡᠭᠦᠨ ᠤ ᠬᠠᠮᠲᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠠᠮ ᠠᠶᠠᠯᠠᠯ᠂ ᠤᠷᠤᠰᠢᠯ ᠲᠤᠭᠲᠠᠨᠢᠯ᠂ ᠡᠷᠡᠭᠦᠦ ᠰᠢᠳᠭᠡᠯ ᠭᠦᠢᠴᠡᠳᠭᠡᠬᠦ ᠵᠡᠷᠭᠡ ᠰᠠᠯᠠᠭ᠎ᠠ ᠮᠥᠴᠢᠷ ᠲᠠᠮᠨᠠᠬᠰᠠᠨ ᠲᠤᠭ᠎ᠠ ᠪᠠᠷᠢᠮᠲᠠ ᠶᠢᠨ ᠬᠠᠷᠢᠴᠠᠭᠤᠯᠤᠯ ᠥᠷᠨᠢᠭᠦᠯᠬᠦ ᠪᠠᠷ ᠳᠠᠮᠵᠢᠭᠤᠯᠤᠨ᠂ ᠲᠣᠮᠣ ᠲᠤᠭ᠎ᠠ ᠪᠠᠷᠢᠮᠲᠠ ᠶᠢ ᠠᠰᠢᠭᠯᠠᠨ 《ᠰᠡᠷᠡᠭᠳᠡᠯ ᠥᠬᠡᠶ ᠭᠡᠷᠡᠴᠢᠯᠡᠯ》 ᠢ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠠᠪᠬᠤ ᠶᠢ ᠦᠨᠡᠨ ᠬᠦ ᠪᠠᠲᠤᠯᠠᠪᠠ᠃ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠪᠠᠰᠠ 《ᠠᠬᠠᠮᠠᠳ ᠦᠶ᠎ᠡ ᠶᠢᠨ ᠬᠡᠪ》 ᠪᠠ 《ᠲᠥᠷᠥᠯ ᠰᠠᠳᠤᠨ ᠤ ᠦᠢᠯᠡᠴᠢᠯᠡᠭᠡ》 ᠶᠢ ᠨᠡᠪᠲᠡᠷᠡᠭᠦᠯᠵᠦ᠂ ᠨᠠᠰᠤᠲᠠᠶᠢᠴᠤᠳ ᠤᠨ ᠭᠡᠷᠡᠴᠢᠯᠡᠯ ᠤᠨ ᠳᠤ ᠲᠥᠬᠦᠮ ᠦᠵᠡᠭᠦᠯᠪᠡ᠃
ᠡᠯ᠎ᠡ ᠭᠠᠵᠠᠷ ᠤᠨ ᠬᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠬᠢᠭᠡᠳ ᠡᠷᠡᠭᠦᠯ ᠮᠡᠨᠳᠦ ᠶᠢᠨ ᠺᠣᠳ᠋ ᠢ ᠬᠤᠯᠪᠣᠬᠤ ᠶᠢ ᠢᠳᠡᠪᠬᠢᠲᠡᠶ ᠠᠬᠢᠭᠤᠯᠵᠤ᠂ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠥᠬᠡᠶ ᠨᠠᠰᠤᠲᠠᠶᠢᠴᠤᠳ ᠴᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠬᠡᠷᠡᠭᠯᠡᠵᠦ ᠡᠷᠡᠭᠦᠯ ᠮᠡᠨᠳᠦ ᠶᠢᠨ ᠪᠠᠶᠢᠳᠠᠯ ᠢᠶᠠᠨ ᠪᠠᠶᠢᠴᠠᠭᠠᠨ ᠯᠠᠪᠯᠠᠬᠤ ᠪᠠ ᠳᠠᠩᠰᠠᠯᠠᠭᠤᠯᠵᠤ ᠪᠣᠯᠤᠨ᠎ᠠ᠃
ᠳᠡᠭᠡᠷ᠎ᠡ ᠳᠤᠷᠠᠳᠤᠭᠰᠠᠨ ᠵᠢᠷᠭᠤᠭᠠᠨ ᠲᠠᠯ᠎ᠠ ᠠᠴᠠ ᠭᠠᠳᠠᠨ᠎ᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠠᠷᠠᠳ ᠲᠤ ᠠᠰᠢᠭ ᠬᠦᠷᠲᠡᠭᠡᠬᠦ᠂ ᠣᠶᠤᠨᠴᠢ ᠬᠤᠲᠠ ᠵᠡᠷᠭᠡ ᠲᠠᠯ᠎ᠠ ᠪᠠᠷ ᠦᠢᠯᠡᠴᠢᠯᠡᠭᠡ ᠪᠠᠨ ᠲᠠᠰᠤᠷᠠᠯᠲᠠ ᠥᠬᠡᠶ ᠥᠷᠭᠡᠳᠬᠡᠪᠡ᠃
ᠣᠳᠣᠬᠠᠨ ᠳᠤ᠂ ᠪᠣᠳᠠᠲᠤ ᠴᠣᠭᠴᠠ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠡᠯ᠎ᠡ ᠭᠠᠵᠠᠷ ᠤᠨ ᠬᠢᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠢ ᠪᠥᠬᠦ ᠲᠠᠯ᠎ᠠ ᠪᠠᠷ ᠳᠡᠮᠵᠢᠵᠦ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠢ ᠶᠠᠭ ᠢᠳᠡᠪᠬᠢᠲᠡᠶ ᠠᠬᠢᠭᠤᠯᠵᠤ ᠪᠠᠶᠢᠨ᠎ᠠ᠃
31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠡᠰᠡᠭ ᠲᠤᠰᠬᠠᠶ ᠣᠷᠣᠨ ᠬᠤᠲᠠ ᠨᠢᠭᠡᠨᠲᠡ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠲᠠᠷᠬᠠᠭᠠᠪᠠ᠃ 25 ᠮᠤᠵᠢ ᠣᠷᠣᠨ ᠤ ᠬᠡᠰᠡᠭ ᠲᠤᠰᠬᠠᠶ ᠣᠷᠣᠨ ᠬᠤᠲᠠ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠶᠢ ᠪᠡᠶᠡᠯᠡᠭᠦᠯᠪᠡ᠃ 30 ᠮᠤᠵᠢ ᠣᠷᠣᠨ ᠤ ᠬᠡᠰᠡᠭ ᠲᠤᠰᠬᠠᠶ ᠣᠷᠣᠨ ᠬᠤᠲᠠ ᠶᠢᠨ ᠬᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠨᠣᠮ ᠤᠩᠰᠢᠬᠤ᠂ ᠮᠦᠽᠧᠶ ᠪᠠ ᠴᠡᠴᠡᠷᠯᠢᠭ ᠦᠵᠡᠮᠵᠢ ᠶᠢᠨ ᠣᠷᠣᠨ ᠳᠤ ᠣᠷᠣᠬᠤ ᠵᠡᠷᠭᠡ ᠶᠢ ᠪᠡᠶᠡᠯᠡᠭᠦᠯᠵᠡᠶ᠃
ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠨᠠᠰᠤᠲᠠᠶᠢᠴᠤᠳ᠂ ᠵᠡᠮᠳᠡᠭᠴᠦᠳ ᠤᠨ ᠦᠢᠯᠡᠴᠢᠯᠡᠭᠡ᠂ ᠰᠤᠷᠤᠯᠭ᠎ᠠ ᠶᠢᠨ ᠲᠡᠳᠬᠦᠮᠵᠢ ᠶᠢᠨ ᠨᠥᠬᠦᠪᠥᠷᠢ ᠣᠯᠭᠤᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠣᠯᠭᠤᠬᠤ ᠵᠡᠷᠭᠡ ᠴᠢᠳᠠᠮᠵᠢ ᠶᠢ ᠠᠬᠢᠭᠤᠯᠵᠤ ᠪᠠᠶᠢᠨ᠎ᠠ᠃