ᠵᠤᠬᠢᠶᠠᠭᠴᠢ: ᠴᠠᠭ:2022-09-09 ᠥᠵᠡᠭᠰᠡᠨ : ᠢᠷᠡᠯᠲᠡ:  ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ  
ᠡᠮᠴᠢᠯᠡᠭᠡᠨ ᠤ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠵᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ — ᠬᠥᠯᠥᠨ ᠪᠤᠶᠢᠷ ᠬᠤᠲᠠ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠦᠨᠳᠦᠰᠦᠨ  ᠲᠡᠶᠢᠰᠢ ᠤᠷᠲᠤᠳᠬᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠣᠶ

 

《ᠥᠩᠭᠡᠷᠡᠭᠰᠡᠨ ᠳᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ  ᠴᠠᠶᠢᠷᠠᠭᠤᠯᠬᠤ ᠳᠤ ᠵᠥᠪᠬᠡᠨ ᠠᠶᠠᠨᠴᠢᠳ ᠤᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠲᠣᠭᠤᠷᠢᠭ ᠲᠤ ᠬᠦᠷᠴᠦ᠂ ᠡᠮᠨᠡᠯᠭᠡ ᠶᠢᠨ ᠬᠤᠷᠢᠶ᠎ᠠ ᠪᠠ ᠡᠮᠴᠢᠯᠡᠭᠡᠨ ᠤ ᠪᠠᠲᠤᠯᠠᠭ᠎ᠠ ᠶᠢᠨ ᠲᠢᠩᠬᠢᠮ ᠤᠨ ᠬᠤᠭᠤᠷᠤᠨᠲᠤ ᠨᠠᠭᠠᠰᠢ ᠴᠠᠭᠠᠰᠢ ᠨᠢᠭᠡ ᠡᠳᠦᠷ ᠭᠦᠶᠦᠳᠡᠭ᠂ ᠣᠲᠣ ᠲᠣᠰᠬᠤᠨ ᠠᠴᠠ ᠭᠠᠷᠬᠤ ᠥᠬᠡᠶ ᠪᠠᠷ ᠭᠦᠢᠴᠡᠳᠭᠡᠵᠦ ᠪᠣᠯᠤᠨ᠎ᠠ᠂ ᠡᠨᠡ ᠨᠢ ᠨᠡᠭᠡᠷᠡᠨ ᠴᠠᠭ ᠲᠤ ᠠᠷᠪᠢᠲᠠᠶ ᠪᠥᠭᠡᠳ ᠰᠡᠳᠬᠢᠯ ᠳᠤ ᠲᠠᠭᠠᠲᠠᠢ》 ᠭᠡᠵᠦ ᠵᠠᠯᠠᠨ ᠠᠶᠢᠯ ᠬᠤᠳᠠ ᠶᠢᠨ ᠳ᠋ᠦᠩ ᠳ᠋ᠧ ᠱᠧᠩ ᠲᠣᠰᠬᠤᠨ ᠤ ᠠᠷᠠᠳ ᠵᠤᠤ ᠹᠧᠩ ᠶᠢᠩ ᠶᠠᠷᠢᠬᠤ ᠳᠤ ᠪᠠᠨ᠄ 《ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ ᠬᠢ ᠮᠠᠰᠢ ᠤᠯᠠᠨ ᠶᠠᠪᠤᠳᠠᠯ ᠢ ︿ᠭᠡᠷ ᠤᠨ ᠡᠭᠦᠳᠡᠨ ᠳᠤ ᠪᠠᠨ﹀ ᠭᠦᠢᠴᠡᠳᠭᠡᠴᠢᠬᠡᠨ᠎ᠡ᠂ ᠦᠨᠡᠬᠡᠷ ᠳᠦᠭᠦᠮ ᠪᠣᠯᠤᠭᠰᠠᠨ ᠡ︕》 ᠭᠡᠪᠡ᠃ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠦᠢᠯᠡᠴᠢᠯᠡᠭᠡ ᠶᠢ ᠳᠣᠷᠣᠭᠰᠢ ᠪᠠᠭᠤᠯᠭᠠᠵᠤ 《ᠣᠶᠢᠷ᠎ᠠ ᠬᠠᠪᠢ ᠳᠤ ᠨᠢ ᠭᠦᠢᠴᠡᠳᠭᠡᠬᠦ》᠂ ᠲᠤᠭ᠎ᠠ ᠪᠠᠷᠢᠮᠲᠠ ᠶᠢ ᠬᠤᠯᠪᠣᠯᠳᠤᠭᠤᠯᠤᠨ ᠨᠡᠪᠲᠡᠷᠡᠭᠦᠯᠵᠦ 《ᠲᠦᠷᠭᠡᠨ ᠭᠦᠢᠴᠡᠳᠭᠡᠬᠦ》᠂ ᠶᠡᠷᠦᠩᠬᠡᠶᠢᠯᠡᠭᠰᠡᠨ ᠡᠷᠬᠡ ᠶᠢ ᠣᠯᠭᠤᠵᠤ 《ᠨᠢᠭᠡ ᠴᠣᠩᠬᠤᠪᠴᠢ ᠳᠤ ᠭᠦᠢᠴᠡᠳᠭᠡᠬᠦ》᠂ ᠺᠠᠷᠲ ᠥᠬᠡᠶ ᠪᠠᠷ ᠡᠪᠡᠳᠴᠢᠨ ᠦᠵᠡᠭᠦᠯᠵᠦ 《ᠺᠣᠳ᠋ ᠢᠶᠠᠷ ᠭᠦᠢᠴᠡᠳᠭᠡᠬᠦ》᠂ ᠣᠨᠴᠠᠭᠠᠶ ᠬᠥᠮᠦᠰ ᠤᠨ 《ᠰᠡᠳᠬᠢᠯ ᠢ ᠳᠤᠯᠠᠭᠠᠴᠠᠭᠤᠯᠬᠤ ᠠᠷᠭ᠎ᠠ》 ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃

ᠣᠯᠠᠨ ᠲᠦᠮᠡᠨ ᠳᠤ ᠨᠡᠩ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ ᠵᠠᠯᠠᠨ ᠠᠶᠢᠯ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 19 ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ 173 ᠲᠣᠰᠬᠤᠨ ︵ᠨᠡᠶᠢᠭᠡᠮ ᠲᠣᠭᠤᠷᠢᠭ︶ ᠳᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠪᠠ᠃ ᠦᠢᠯᠡᠴᠢᠯᠡᠭᠡᠨ ᠤ ᠥᠷᠲᠡᠭᠡ ᠨᠢ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠡᠬᠡ ᠲᠠᠩᠰᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠤᠯᠤᠩ᠂ ᠠᠵᠢᠯᠯᠠᠬᠤ ᠭᠠᠷ ᠳᠡᠪᠲᠡᠷ ᠵᠢᠴᠢ ᠦᠢᠯᠡᠴᠢᠯᠡᠬᠦ ᠵᠦᠭᠯᠡᠭᠦᠷ ᠵᠡᠷᠭᠡ ᠮᠠᠲ᠋ᠧᠷᠢᠶᠠᠯ ᠢ ᠳᠠᠷᠤᠮᠠᠯᠯᠠᠨ ᠦᠢᠯᠡᠳᠴᠦ᠂ ᠬᠤᠲᠠ ᠶᠢᠨ ᠠᠷᠠᠳ ᠤᠨ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ᠂ ᠡᠮᠨᠡᠯᠭᠡ ᠰᠢᠯᠵᠢᠨ ᠳᠠᠩᠰᠠᠯᠠᠭᠤᠯᠬᠤ᠂ ᠲᠠᠩᠰᠠ ᠴᠠᠶᠢᠷᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠵᠤ ᠵᠦᠪᠯᠡᠯᠭᠡ ᠥᠭᠬᠦ ᠵᠡᠷᠭᠡ 15 ᠵᠦᠢᠯ ᠤᠨ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠦᠢᠯᠡᠴᠢᠯᠡᠭᠡ ᠬᠠᠩᠭᠠᠪᠠ᠃ ᠡᠮᠦᠨᠡᠬᠢ 5  ᠡᠭᠡᠯᠵᠢᠯᠡᠨ ᠪᠣᠯᠪᠠᠰᠤᠷᠠᠭᠤᠯᠬᠤ ᠪᠠᠷ ᠳᠡᠮᠵᠢᠨ ᠪᠥᠬᠦ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ 197 ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠬᠦ ᠶᠢ ᠪᠡᠶᠡᠯᠡᠭᠦᠯᠵᠦ᠂ 7 ᠳ᠋ᠤᠭᠠᠷ ᠰᠠᠷ᠎ᠠ ᠶᠢᠨ 1 ᠤ ᠡᠳᠦᠷ ᠵᠠᠯᠠᠨ ᠠᠶᠢᠯ ᠬᠤᠲᠠ ᠶᠢᠨ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ ᠪᠦᠬᠦᠨ ᠢ ᠵᠢᠩᠬᠢᠨᠢ ᠪᠠᠷ ᠠᠵᠢᠯᠯᠠᠭᠤᠯᠪᠠ᠃

ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠦᠨᠳᠦᠰᠦᠨ  ᠲᠡᠶᠢᠰᠢ ᠤᠷᠲᠤᠳᠬᠠᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠦᠴᠦᠨ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠲᠣᠬᠢᠷᠠᠭᠤᠯᠬᠤ ᠳᠤᠲᠠᠭᠤᠳᠠᠯ ᠢ ᠨᠥᠬᠦᠪᠥᠷᠢᠯᠡᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ 《 ᠡᠴᠦᠰ ᠤᠨ ᠨᠢᠭᠡ ᠺᠢᠯᠤᠮᠧᠲᠷ》 ᠢ ᠦᠨᠡᠨ ᠬᠦ ᠨᠡᠪᠲᠡᠷᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》  ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠲᠠ᠂ ᠬᠤᠰᠢᠭᠤ ︵ᠲᠣᠭᠤᠷᠢᠭ︶᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠦᠷᠢᠨ ᠬᠠᠮᠤᠷᠤᠭᠤᠯᠬᠤ ᠪᠠᠷ ᠬᠦᠴᠦᠯᠡᠨ ᠴᠢᠷᠮᠠᠶᠢᠪᠠ᠃ ᠮᠠᠨ ᠤ ᠬᠤᠲᠠ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠤᠰᠬᠠᠶ ᠬᠥᠮᠦᠨ ᠲᠣᠮᠢᠯᠠᠨ ᠬᠤᠰᠢᠭᠤ ᠬᠤᠲᠠ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ ᠵᠢᠯᠣᠭᠤᠳᠤᠨ ᠠᠬᠢᠭᠤᠯᠬᠤ ᠠᠵᠢᠯ ᠢ ᠬᠠᠷᠢᠭᠤᠴᠠᠭᠤᠯᠪᠠ᠃ 《ᠤᠷᠢᠳ ᠢᠶᠠᠷ ᠲᠤᠷᠰᠢᠵᠤ᠂ ᠠᠯᠬᠤᠮ ᠬᠤᠪᠢᠶᠠᠨ ᠬᠡᠷᠡᠭᠵᠢᠭᠦᠯᠬᠦ》 ᠵᠠᠷᠴᠢᠮ ᠶᠣᠰᠣᠭᠠᠷ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠤᠨ᠂ ᠪᠠᠶᠢᠭᠤᠯᠤᠮᠵᠢ ᠶᠢᠨ ᠨᠡᠷᠡᠶᠢᠳᠦᠯ᠂ ᠠᠵᠢᠯᠯᠠᠬᠤ ᠲᠠᠯᠠᠪᠤᠷ ᠭᠠᠵᠠᠷ ᠵᠢᠴᠢ ᠫᠠᠶᠢᠰᠠ ᠲᠡᠮᠳᠡᠭ ᠢ ᠨᠢᠭᠡᠳᠭᠡᠪᠡ᠃ ᠠᠵᠢᠯ ᠤᠨ ᠳᠦᠷᠢᠮ ᠢᠶᠠᠨ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠡᠯ᠎ᠡ ᠰᠢᠶᠠᠩ ᠪᠠᠯᠭᠠᠰᠤ ᠠᠴᠠ ᠨᠢᠭᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠭᠲᠠᠭᠠᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠭᠤᠯᠵᠤ᠂ ᠡᠯ᠎ᠡ ᠦᠢᠯᠡᠴᠢᠯᠡᠭᠡᠨ ᠤ ᠥᠷᠲᠡᠭᠡ ᠠᠴᠠ ᠨᠢᠭᠡ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ ᠬᠠᠷᠢᠭᠤᠴᠠᠬᠤ ᠠᠵᠢᠯᠲᠠᠨ ᠢ ᠲᠣᠭᠲᠠᠭᠠᠨ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠠᠩᠬ᠎ᠠ ᠠᠯᠬᠤᠮ ᠪᠦᠷᠢᠯᠳᠦᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ 《ᠠᠵᠢᠯᠯᠠᠬᠤ ᠬᠥᠮᠦᠨ ᠲᠠᠢ᠂ ᠬᠢᠬᠦ ᠠᠵᠢᠯ ᠲᠠᠢ》 ᠪᠠᠶᠢᠯᠭᠠᠬᠤ ᠶᠢ ᠪᠡᠶᠡᠯᠡᠭᠦᠯᠪᠡ᠃

ᠣᠳᠣ ᠪᠣᠯᠲᠠᠯ᠎ᠠ᠂ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤ ᠶᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠢ ᠪᠥᠬᠦ ᠲᠠᠯ᠎ᠠ ᠪᠠᠷ ᠪᠠᠶᠢᠭᠤᠯᠵᠤ᠂ ᠵᠠᠯᠠᠨ ᠠᠶᠢᠯ ᠬᠤᠲᠠ ᠶᠢᠨ 19 ᠰᠢᠶᠠᠩ ᠪᠠᠯᠭᠠᠰᠤᠨ ︵ᠬᠡᠷᠡᠭ ᠡᠷᠬᠢᠯᠡᠬᠦ ᠭᠠᠵᠠᠷ︶ ᠤ 173 ᠲᠣᠰᠬᠤᠨ ︵ᠨᠡᠶᠢᠭᠡᠮ ᠲᠣᠭᠤᠷᠢᠭ︶᠂ ᠠᠷᠤᠨ ᠬᠤᠰᠢᠭᠤᠨ ᠤ 3 ᠰᠢᠶᠠᠩ ᠪᠠᠯᠭᠠᠰᠤ᠂ ᠬᠠᠶᠢᠯᠠᠷ ᠲᠣᠭᠤᠷᠢᠭ ᠤᠨ 9 ᠰᠢᠶᠠᠩ ᠪᠠᠯᠭᠠᠰᠤ᠂ ᠰᠢᠨ᠎ᠡ ᠪᠠᠷᠭᠤ ᠪᠠᠷᠠᠭᠤᠨ ᠬᠤᠰᠢᠭᠤᠨ ᠤ 6 ᠰᠢᠶᠠᠩ ᠪᠠᠯᠭᠠᠰᠤ᠂ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2 ᠰᠢᠶᠠᠩ ᠪᠠᠯᠭᠠᠰᠤ᠂ ᠡᠸᠡᠩᠬᠢ ᠬᠤᠰᠢᠭᠤᠨ ᠤ 2 ᠰᠢᠶᠠᠩ ᠪᠠᠯᠭᠠᠰᠤ ᠴᠥᠮ ᠰᠢᠶᠠᠩ ᠪᠠᠯᠭᠠᠰᠤᠨ ᠤ ᠨᠠᠮ ᠤᠨ ᠭᠡᠰᠢᠭᠦᠨ ᠪᠣᠯᠣᠨ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠣᠷᠴᠣᠨ ᠬᠤᠰᠢᠭᠤᠨ ᠤ 3 ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢ ᠶᠠᠭ ᠪᠡᠯᠡᠳᠬᠡᠨ ᠪᠠᠶᠢᠭᠤᠯᠵᠤ᠂ ᠪᠤᠰᠤᠳ ᠬᠤᠰᠢᠭᠤ ᠬᠤᠲᠠ ᠲᠣᠭᠤᠷᠢᠭ ᠲᠤ ᠲᠣᠰ ᠲᠣᠰ 1 ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠳᠤᠷᠰᠢᠯᠲᠠ ᠶᠢᠨ ᠴᠡᠭ ᠢ ᠪᠠᠶᠢᠭᠤᠯᠪᠠ᠃ ᠳᠠᠷᠠᠭᠠᠴᠢ ᠶᠢᠨ ᠠᠯᠬᠤᠮ ᠳᠤ᠂ ᠪᠠᠰᠠ ᠪᠥᠬᠦ ᠬᠤᠲᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠪᠠᠷ ᠪᠣᠢ᠃

ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠳᠣᠷᠣᠭᠰᠢ ᠪᠠᠭᠤᠯᠭᠠᠨ ᠭᠦᠢᠴᠡᠳᠭᠡᠵᠦ ᠪᠣᠯᠬᠤ ᠶᠢ ᠨᠢ ᠴᠥᠮ ᠳᠣᠷᠣᠭᠰᠢ ᠪᠠᠭᠤᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠤᠨᠳᠤᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ ᠢ ᠳᠠᠩᠰᠠᠯᠠᠬᠤ ᠵᠡᠷᠭᠡ 7 ᠶᠡᠭᠡ ᠲᠥᠷᠥᠯ ᠤᠨ 13 ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠤᠨ ᠵᠦᠢᠯᠡᠰ ᠢ ᠡᠯ᠎ᠡ ᠰᠢᠶᠠᠩ ᠪᠠᠯᠭᠠᠰᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠳᠤ ᠪᠠᠭᠤᠯᠭᠠᠵᠤ ᠬᠦᠢᠴᠡᠳᠬᠡᠬᠦᠯᠬᠦ ᠪᠠᠷ ᠪᠣᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠢ ᠳᠠᠩᠰᠠᠯᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠤᠨ ᠲᠡᠮᠳᠡᠭᠯᠡᠬᠦ᠂ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ 4 ᠶᠡᠭᠡ ᠲᠥᠷᠥᠯ ᠤᠨ 5 ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠤᠨ ᠵᠦᠢᠯᠡᠰ ᠢ ᠲᠣᠰᠬᠤᠨ ︵ᠨᠡᠶᠢᠭᠡᠮ ᠲᠣᠭᠤᠷᠢᠭ︶  ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ  ᠲᠤ ᠪᠠᠭᠤᠯᠭᠠᠵᠤ ᠭᠦᠢᠴᠡᠳᠭᠡᠪᠡ᠃ ᠡᠭᠦᠨ ᠤ ᠬᠠᠮᠲᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠤ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠴᠣᠩᠬᠤᠪᠴᠢ ᠭᠠᠷᠭᠠᠵᠤ᠂ ᠡᠯ᠎ᠡ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠪᠣᠯᠤᠨ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ  ᠲᠤ ᠡᠮᠴᠢᠯᠡᠭᠡᠨ ᠤ ᠪᠠᠲᠤᠯᠠᠭ᠎ᠠ ᠶᠢᠨ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠲᠤᠰᠬᠠᠶ ᠴᠣᠩᠬᠤᠪᠴᠢ ᠭᠠᠷᠭᠠᠵᠤ᠂ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠢᠯᠡᠳᠭᠡᠮᠵᠢ ᠲᠡᠮᠳᠡᠭ ᠢ ᠨᠢᠭᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ 1 ᠭᠠᠷᠲᠠᠨ ᠭᠦᠢᠴᠡᠳᠭᠡᠭᠴᠢ ᠶᠢ ᠣᠷᠣᠯᠠᠨ ᠭᠦᠢᠴᠡᠳᠭᠡᠭᠴᠢ ᠪᠠᠷ ᠲᠣᠳᠣᠷᠬᠠᠶᠢᠯᠠᠵᠤ᠂ ᠬᠤᠰᠢᠭᠤ᠂ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠳᠣᠭᠲᠠᠯᠴᠠᠭ᠎ᠠ ᠶᠢ ᠪᠦᠷᠢᠯᠳᠦᠭᠦᠯᠪᠡ᠃

 

 

 


   :                    
   :           
备案序号:蒙ICP备05003250号 公安备案15010502000173