ᠵᠤᠬᠢᠶᠠᠭᠴᠢ:
ᠴᠠᠭ:2023-01-20
ᠥᠵᠡᠭᠰᠡᠨ : ℃
ᠢᠷᠡᠯᠲᠡ: ᠠᠷᠠᠳ ᠤᠨ ᠰᠦᠯᠵᠢᠶ᠎ᠡ
ᠲᠣᠰ ᠬᠠᠤᠯᠢ ᠶᠢ ᠡᠨᠡ ᠵᠢᠯ ᠠᠴᠠ ᠬᠡᠷᠡᠭᠵᠢᠭᠦᠯᠦᠨ᠎ᠡ
2022 ᠣᠨ ᠤ 9 ᠳ᠋ᠣᠭᠡᠷ ᠰᠠᠷ᠎ᠠ ᠶᠢᠨ 2 ᠤᠨ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠤᠳᠠᠭᠠᠨ ᠤ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠤᠯᠢ》 ᠶᠢ ᠪᠠᠲᠤᠯᠠᠭᠰᠠᠨ ᠪᠥᠭᠡᠳ 2023 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ《ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠤᠯᠢ》 ᠨᠢ ᠨᠡᠶᠢᠭᠡᠮ ᠨᠡᠶᠢᠳᠡ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠳᠠ ᠪᠤᠯᠭᠠᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢ ᠲᠠᠷᠢᠵᠤ ᠤᠷᠭᠤᠭᠤᠯᠬᠤ ᠠᠴᠠ ᠠᠪᠤᠭᠠᠳ ᠡᠳ᠋ᠰᠢᠭᠦᠯᠦᠨ ᠪᠣᠯᠪᠠᠰᠤᠷᠠᠭᠤᠯᠬᠤ ᠳᠤ ᠬᠦᠷᠲᠡᠯ᠎ᠡ ᠪᠥᠬᠦ ᠶᠠᠪᠤᠴᠠ᠂ ᠪᠥᠬᠦ ᠳᠠᠮᠵᠢᠯᠠᠭ᠎ᠠ ᠳᠤᠨᠢ ᠬᠢᠨᠠᠨ ᠬᠠᠮᠢᠶᠠᠷᠴᠤ᠂ ᠲᠤᠰ ᠬᠠᠤᠯᠢ ᠪᠠᠷ ᠵᠠᠰᠠᠵᠤ ᠪᠠᠲᠤᠯᠠᠬᠤ ᠶᠢ ᠴᠢᠨᠠᠭᠰᠢᠳᠠ ᠴᠢᠩᠭᠠᠳᠬᠠᠬᠤ ᠪᠣᠯᠣᠨ᠎ᠠ ᠭᠡᠵᠡᠢ᠃