《ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠬᠦ ᠠᠷᠭ᠎ᠠ》 ᠶᠢ ᠡᠬᠢᠯᠡᠵᠦ ᠬᠡᠷᠡᠭᠵᠢᠭᠦᠯᠦᠨ᠎ᠡ
ᠣᠶᠢᠷ᠎ᠠ ᠳᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 《 ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠬᠦ ᠠᠷᠭ᠎ᠠ》 ᠳᠤ ᠵᠠᠰᠠᠪᠤᠷᠢ ᠣᠷᠣᠭᠤᠯᠤᠨ ᠨᠡᠶᠢᠲᠡᠯᠡᠪᠡ᠂ 11 ᠰᠠᠷ᠎ᠠ ᠶᠢᠨ 10 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 《ᠠᠷᠭ᠎ᠠ》 ᠳᠤ᠂ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠨ᠎ᠡ᠃ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠤᠮᠫᠠᠨᠢ ᠳᠤ ᠬᠤᠪᠢ ᠣᠷᠣᠭᠤᠯᠬᠤ ᠶᠢ ᠵᠥᠪᠰᠢᠶᠡᠷᠡᠬᠦ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠬᠢᠯᠢ ᠶᠢᠨ ᠭᠠᠳᠠᠨᠠᠬᠢ ᠮᠥᠩᠭᠦᠨ ᠭᠦᠢᠯᠭᠡᠭᠡᠨ ᠤ ᠪᠤᠰᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠤᠮᠫᠠᠨᠢ ᠶᠢᠨ ᠪᠡᠯᠡ ᠭᠠᠷᠭᠠᠭᠴᠢ ᠪᠤᠯᠬᠤ ᠶᠢ ᠵᠥᠪᠰᠢᠶᠡᠷᠡᠨ᠎ᠡ᠃
ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠤᠤᠯ ᠭᠠᠷᠤᠯᠲᠠ ᠶᠢᠨ ᠣᠷᠣᠨ ᠤ ᠠᠵᠤ ᠠᠬᠤᠶᠢᠯᠠᠯ ᠤᠨ ᠳᠠᠩᠰᠠᠯᠠᠭᠤᠯᠬᠤ ᠵᠦᠢᠯᠡᠰ ᠢ ᠬᠦᠴᠦᠨ ᠦᠭᠡᠢ ᠪᠣᠯᠭᠠᠨ᠎ᠠ
ᠬᠢᠯᠢ ᠠᠯᠤᠰᠯᠠᠭᠰᠠᠨ ᠠᠷᠠᠯᠵᠢᠶᠠᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠠᠯᠵᠢᠶᠠᠨ ᠤ ᠲᠥᠭᠦᠮ ᠨᠥᠬᠦᠴᠡᠯ ᠢ ᠳᠡᠭᠡᠭᠰᠢᠯᠡᠭᠦᠯᠭᠦ ᠶᠢᠨ ᠲᠥᠯᠥᠭᠡ᠂ ᠪᠣᠭᠤᠮᠲᠠ ᠶᠢᠨ ᠶᠡᠷᠦᠩᠬᠡᠢ ᠵᠠᠬᠢᠷᠭ᠎ᠠ 11 ᠰᠠᠷ᠎ᠠ ᠶᠢᠨ 1 ᠤ ᠡᠳᠦᠷ ᠠᠴᠠ ᠡᠬᠢᠯᠡᠨ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠤᠤᠯ ᠭᠠᠷᠤᠯᠲᠠ ᠶᠢᠨ ᠣᠷᠣᠨ ᠤ ᠠᠵᠤ ᠠᠬᠤᠶᠢᠯᠠᠯ ᠤᠨ ᠳᠠᠩᠰᠠᠯᠠᠭᠤᠯᠬᠤ ᠵᠦᠢᠯᠡᠰ ᠢ ᠬᠦᠴᠦᠨ ᠦᠭᠡᠢ ᠪᠤᠯᠭᠠᠵᠤ᠂ ᠤᠤᠯ ᠭᠠᠷᠤᠯᠲᠠ ᠶᠢᠨ ᠣᠷᠣᠨ ᠤ ᠦᠨᠡᠮᠯᠡᠯ ᠭᠤᠶᠤᠴᠢᠯᠠᠭᠴᠢ ᠰᠢᠭᠤᠳ ᠣᠯᠠᠨ ᠤᠯᠤᠰ ᠤᠨ ᠠᠷᠠᠯᠵᠢᠶᠠᠨ ᠤ 《ᠨᠢᠭᠡ ᠯᠡ ᠴᠣᠩᠬᠤᠪᠴᠢ》᠂ ᠢᠨᠲ᠋ᠧᠷ ᠰᠦᠯᠵᠢᠶ᠎ᠡ + ᠪᠣᠭᠤᠮᠲᠠ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠡᠪᠯᠡᠯ ᠤᠨ ᠭᠤᠶᠤᠴᠢᠯᠠᠨ ᠮᠡᠳᠡᠭᠦᠯᠬᠦ ᠰᠢᠰᠲ᠋ᠧᠮ ᠵᠡᠷᠭᠡ ᠪᠠᠷ ᠳᠠᠮᠵᠢᠭᠤᠯᠤᠨ ᠤᠤᠯ ᠭᠠᠷᠤᠯᠲᠠ ᠶᠢᠨ ᠣᠷᠣᠨ ᠤ ᠦᠨᠡᠮᠯᠡᠯ ᠢ ᠭᠤᠶᠤᠴᠢᠯᠠᠨ ᠠᠪᠴᠤ ᠪᠣᠯᠣᠨ᠎ᠠ ᠭᠡᠵᠦ ᠲᠣᠭᠲᠠᠭᠠᠪᠠ᠃
ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠡᠰᠡᠭ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠪᠠ
《ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠡᠰᠡᠭ ᠳᠦᠷᠢᠮ ᠲᠣᠭᠲᠠᠭᠠᠯ ᠢ ᠬᠦᠴᠦᠨ ᠦᠭᠡᠢ ᠪᠤᠯᠭᠠᠬᠤ ᠲᠤᠬᠠᠢ ᠲᠣᠭᠲᠠᠭᠠᠯ》 ᠢ 11 ᠰᠠᠷ᠎ᠠ ᠶᠢᠨ 10 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ 《ᠲᠣᠭᠲᠠᠭᠠᠯ》 ᠳᠤ 《ᠨᠡᠭᠦᠷᠡᠰᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ》 《ᠴᠠᠭᠢᠯᠭᠠᠨ ᠬᠦᠴᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ》 《ᠴᠠᠭᠢᠯᠭᠠᠨ ᠬᠦᠴᠦᠨ ᠤ ᠠᠮᠤᠷ ᠲᠦᠪᠰᠢᠨ ᠤ ᠠᠳᠡᠯ ᠢ ᠪᠠᠶᠢᠴᠠᠭᠠᠬᠤ ᠲᠠᠰ ᠳᠠᠷᠠᠭᠠᠯᠠᠯ ᠤᠨ ᠲᠣᠭᠲᠠᠭᠠᠯ》 ᠵᠡᠷᠭᠡ 8 ᠵᠦᠢᠯ ᠤᠨ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠨ᠎ᠠ᠃
《ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠪᠠᠷᠢᠮᠵᠢᠶ᠎ᠠ》 ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ
ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠤᠯᠤᠰ ᠤᠨ ᠪᠠᠷᠢᠮᠵᠢᠶ᠎ᠠ ᠪᠤᠯᠬᠤ 《ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠪᠠᠷᠢᠮᠵᠢᠶ᠎ᠠ》 ( GB / T503312002 ) ᠶᠢᠨ ᠬᠡᠰᠡᠭ ᠲᠠᠯ᠎ᠠ ᠶᠢᠨ ᠵᠠᠰᠠᠪᠤᠷᠢ ᠣᠷᠣᠭᠤᠯᠤᠭᠰᠠᠨ ᠵᠦᠢᠯ ᠵᠤᠷᠪᠤᠰ ᠢ ᠵᠥᠪᠰᠢᠶᠡᠷᠡᠵᠦ᠂ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠣᠰ ᠤᠳᠠᠭ᠎ᠠ ᠬᠡᠰᠡᠭ ᠲᠠᠯ᠎ᠠ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠳᠤ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠪᠠᠷᠢᠮᠵᠢᠶ᠎ᠠ ᠶᠢᠨ ᠵᠠᠷᠴᠢᠮ ᠢ ᠲᠣᠭᠲᠠᠭᠠᠬᠤ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠲᠠᠰ ᠬᠤᠪᠢᠶᠠᠬᠤ ᠶᠢ ᠨᠡᠮᠡᠭᠳᠡᠭᠦᠯᠬᠦ ᠵᠡᠷᠭᠡ ᠪᠠᠭᠲᠠᠨ᠎ᠠ᠃
《ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠪᠠᠶᠢᠴᠠᠭᠠᠯᠲᠠ ᠬᠢᠭᠡᠳ ᠠᠵᠢᠭᠯᠠᠯᠲᠠ ᠶᠢᠨ ᠮᠡᠷᠭᠡᠵᠢᠯ ᠤᠨ ᠵᠢᠷᠤᠮᠵᠢᠯ》 ᠢ ᠬᠡᠷᠡᠭᠵᠢᠭᠦᠯᠦᠨ᠎ᠡ
ᠠᠮᠢ ᠠᠬᠤᠢ ᠣᠷᠴᠢᠨ ᠲᠣᠭᠤᠷᠢᠨ ᠤ ᠶᠠᠮᠤᠨ《ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠪᠠᠶᠢᠴᠠᠭᠠᠯᠲᠠ ᠬᠢᠭᠡᠳ ᠠᠵᠢᠭᠯᠠᠯᠲᠠ ᠶᠢᠨ ᠮᠡᠷᠭᠡᠵᠢᠯ ᠤᠨ ᠵᠢᠷᠤᠮᠵᠢᠯ》 ᠢ ᠨᠡᠶᠢᠲᠡᠯᠡᠵᠦ᠂ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 《ᠮᠡᠷᠭᠡᠵᠢᠯ ᠤᠨ ᠵᠢᠷᠤᠮᠵᠢᠯ》 ᠳᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠪᠠᠶᠢᠴᠠᠭᠠᠯᠲᠠ ᠪᠠ ᠠᠵᠢᠭᠯᠠᠯᠲᠠ ᠶᠢᠨ ᠭᠦᠢᠴᠡᠳᠬᠡᠯ ᠲᠤᠭ᠎ᠠ᠂ ᠮᠡᠷᠭᠡᠵᠢᠯ ᠤᠨ ᠠᠷᠭ᠎ᠠ᠂ ᠶᠠᠰᠤ ᠴᠢᠨᠠᠷ ᠢ ᠡᠵᠡᠮᠳᠡᠬᠦ ᠱᠠᠭᠠᠷᠳᠠᠯᠭ᠎ᠠ ᠵᠡᠷᠭᠡ ᠶᠢ ᠵᠢᠷᠤᠮᠵᠢᠭᠤᠯᠪᠠ᠃ ᠭᠦᠢᠴᠡᠳᠬᠡᠯ ᠲᠤᠭ᠎ᠠ ᠶᠢᠨ ᠲᠠᠯ᠎ᠠ ᠪᠠᠷ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ᠂ ᠣᠷᠴᠢᠨ ᠲᠣᠭᠤᠷᠢᠨ ᠤ ᠶᠠᠰᠤ ᠴᠢᠨᠠᠷ᠂ ᠪᠠᠶᠢᠭᠠᠯᠢ ᠶᠢᠨ ᠨᠥᠬᠦᠴᠡᠯ ᠬᠢᠭᠡᠳ ᠭᠠᠢ ᠭᠠᠮᠰᠢᠭ ᠪᠠ ᠵᠣᠷᠢᠭᠤᠳᠠ ᠠᠵᠢᠯᠯᠠᠭ᠎ᠠ ᠵᠡᠷᠭᠡ 5 ᠲᠠᠯ᠎ᠠ ᠶᠢ ᠪᠠᠭᠲᠠᠭᠠᠨ᠎ᠠ᠃
2023 ᠣᠨ ᠤ ᠨᠢᠭᠡᠳᠦᠭᠡᠷ ᠪᠦᠯᠦᠭ ᠤᠨ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠪᠠᠷᠢᠮᠵᠢᠶ᠎ᠠ ᠶᠢ 11 ᠰᠠᠷ᠎ᠠ ᠠᠴᠠ ᠡᠬᠢᠯᠡᠵᠦ ᠬᠡᠷᠡᠭᠵᠢᠭᠦᠯᠦᠨ᠎ᠡ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ 《ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠭᠦ ᠵᠦᠭᠯᠡᠭᠦᠷ ᠨᠠᠶᠢᠷᠠᠭᠤᠯᠤᠨ ᠵᠣᠬᠢᠶᠠᠬᠤ ᠠᠭᠤᠯᠭ᠎ᠠ ᠬᠢᠭᠡᠳ ᠦᠨᠡᠯᠡᠨ ᠵᠢᠱᠢᠬᠦ ᠵᠢᠯᠣᠭᠤᠳᠤᠮᠵᠢ》 《ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠣᠷᠤᠯᠴᠠᠬᠤ ᠵᠢᠯᠣᠭᠤᠳᠤᠮᠵᠢ ᠨᠠᠶᠢᠷᠠᠭᠤᠯᠤᠨ ᠵᠣᠬᠢᠶᠠᠬᠤ ᠠᠭᠤᠯᠭ᠎ᠠ ᠬᠢᠭᠡᠳ ᠦᠨᠡᠯᠡᠨ ᠵᠢᠱᠢᠬᠦ ᠵᠢᠯᠣᠭᠤᠳᠤᠮᠵᠢ》 《ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠢ ᠦᠨᠡᠯᠡᠨ ᠵᠢᠱᠢᠬᠦ ᠮᠡᠷᠭᠡᠵᠢᠯ ᠤᠨ ᠵᠢᠯᠣᠭᠤᠳᠤᠮᠵᠢ》 《ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠡᠵᠡᠩᠨᠡᠯᠲᠡ ᠦᠢᠯᠡᠴᠢᠯᠡᠭᠡᠨ ᠤ ᠵᠢᠷᠤᠮᠵᠢᠯ》 《ᠳᠠᠷᠪᠠᠭᠤᠯᠲᠤ ᠣᠩᠭᠤᠴᠠᠨ ᠤ ᠤᠷᠤᠯᠳᠤᠭᠠᠨ ᠤ ᠠᠵᠢᠯᠯᠠᠭ᠎ᠠ ᠡᠷᠭᠢᠯᠡᠭᠦ ᠵᠦᠭᠯᠡᠭᠦᠷ》 ᠵᠡᠷᠭᠡ 8 ᠲᠦᠷᠦᠯ ᠤᠨ ᠪᠡᠶ᠎ᠡ ᠶᠢᠨ ᠲᠠᠮᠢᠷ ᠤᠨ ᠠᠵᠢᠯ ᠦᠢᠯᠡᠰ ᠤᠨ ᠪᠠᠷᠢᠮᠵᠢᠶ᠎ᠠ ᠶᠢ ᠨᠡᠶᠢᠲᠡᠯᠡᠵᠦ᠂ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
《ᠵᠠᠮ ᠤᠨ ᠳᠡᠭᠡᠳᠦ ᠨᠠᠷᠢᠯᠢᠭ ᠠᠶᠠᠯᠠᠯ ᠵᠠᠯᠠᠬᠤ ᠡᠯᠧᠺᠲᠷᠣᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠵᠢᠷᠤᠮᠵᠢᠯ》ᠵᠡᠷᠭᠡ ᠪᠠᠷᠢᠮᠵᠢᠶ᠎ᠠ ᠶᠢ ᠬᠡᠷᠡᠭᠵᠢᠭᠦᠯᠦᠨ᠎ᠡ
ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ 《ᠵᠠᠮ ᠤᠨ ᠳᠡᠭᠡᠳᠦ ᠨᠠᠷᠢᠯᠢᠭ ᠠᠶᠠᠯᠠᠯ ᠵᠠᠯᠠᠬᠤ ᠡᠯᠧᠺᠲᠷᠣᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠵᠢᠷᠤᠮᠵᠢᠯ》《ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠡᠷᠡᠴᠢ ᠦᠨᠡᠮᠯᠡᠯ ᠤᠨ ᠡᠯᠧᠺᠲᠷᠣᠨ ᠦᠨᠡᠮᠯᠡᠯ ᠤᠨ ᠵᠢᠷᠤᠮᠵᠢᠯ》 《ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠭᠡᠷᠡᠴᠢ ᠦᠨᠡᠮᠯᠡᠯ ᠤᠨ ᠡᠯᠧᠺᠲᠷᠣᠨ ᠦᠨᠡᠮᠯᠡᠯ ᠤᠨ ᠵᠢᠷᠤᠮᠵᠢᠯ》 ᠵᠡᠷᠭᠡ 25 ᠵᠦᠢᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠵᠦ᠂ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
《ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠭᠡᠨ ᠤ ᠴᠢᠨᠠᠷ ᠢ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ》 ᠶᠢ ᠬᠡᠷᠡᠭᠵᠢᠭᠦᠯᠦᠨ᠎ᠡ
ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ 《ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠭᠡᠨ ᠤ ᠴᠢᠨᠠᠷ ᠢ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ》 ᠶᠢ ᠬᠢᠨᠠᠨ ᠵᠥᠪᠯᠡᠵᠦ ᠪᠠᠲᠤᠯᠠᠨ᠂ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 《ᠠᠷᠭ᠎ᠠ》 ᠳᠤ ᠲᠣᠳᠣᠷᠬᠠᠢ ᠲᠣᠭᠲᠠᠭᠠᠭᠰᠠᠨ ᠨᠢ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠭᠡᠨ ᠤ ᠴᠢᠨᠠᠷ ᠢ ᠦᠨᠡᠯᠡᠨ ᠵᠢᠱᠢᠬᠦ ᠠᠵᠢᠯᠯᠠᠭ᠎ᠠ ᠬᠢᠵᠦ᠂ ᠭᠡᠷᠡᠴᠢᠯᠡᠬᠦ ᠦᠢᠯᠡᠳᠦᠯ ᠪᠦᠬᠦᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠭᠡᠨ ᠤ ᠴᠢᠨᠠᠷ ᠢ ᠦᠨᠡᠯᠡᠨ ᠵᠢᠱᠢᠭᠰᠡᠨ ᠲᠤᠭ᠎ᠠ ᠪᠠᠷᠢᠮᠲᠠ᠂ ᠦᠷ᠎ᠡ ᠳ᠋ᠦᠩ ᠢ ᠨᠢ ᠨᠡᠶᠢᠭᠡᠮ ᠳᠤ ᠭᠠᠷᠭᠠᠵᠤ ᠥᠭᠬᠦ ᠪᠠᠶᠢᠭᠤᠯᠤᠮᠵᠢ᠂ ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠮᠠᠭᠠᠳᠯᠠᠨ ᠲᠣᠭᠲᠠᠭᠠᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠢ ᠬᠠᠤᠯᠢ ᠶᠣᠰᠣᠭᠠᠷ ᠣᠯᠣᠭᠰᠠᠨ ᠪᠠᠶᠢᠬᠤ ᠬᠡᠷᠡᠭᠲᠡᠢ᠃