ᠵᠤᠬᠢᠶᠠᠭᠴᠢ:
ᠴᠠᠭ:2023-11-10
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠪᠥᠬᠦ ᠣᠷᠣᠨ ᠳᠠᠬᠢ 9 ᠸᠠᠯᠧᠨ᠋ᠲᠲᠤ HPV ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠠᠶᠢᠨ᠎ᠠ
ᠥᠪᠥᠷ ᠮᠣᠩᠭᠤᠯ 11 ᠳ᠋ᠦ᠋ᠭᠡᠷ ᠰᠠᠷ᠎ᠠ ᠠᠴᠠ ᠡᠬᠢᠯᠡᠨ ᠪᠥᠬᠦ ᠣᠷᠣᠨ ᠤ ᠡᠯ᠎ᠡ ᠠᠶᠢᠮᠠᠭ ᠬᠤᠲᠠ ᠳᠠᠬᠢ 9 ᠸᠠᠯᠧᠨ᠋ᠲᠲᠤ HPV ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠷᠭᠡᠨ ᠣᠯᠠᠨ ᠵᠣᠬᠢᠬᠤ ᠨᠠᠰᠤᠨ ᠤ ᠡᠮᠡᠭᠲᠡᠶᠢᠴᠦᠳ ᠤᠨ HPV ᠸᠠᠺᠼᠢᠨ ᠲᠠᠷᠢᠬᠤ ᠱᠠᠭᠠᠷᠳᠠᠯᠭ᠎ᠠ ᠶᠢ ᠤᠯᠠᠮ ᠢᠯᠡᠭᠦᠦ ᠬᠠᠩᠭᠠᠨ ᠂ ᠥᠷᠭᠡᠨ ᠣᠯᠠᠨ ᠡᠮᠡᠭᠲᠡᠶᠢᠴᠦᠳ ᠤᠨ ᠪᠡᠶ᠎ᠡ ᠶᠢᠨ ᠡᠷᠡᠭᠦᠯ ᠮᠡᠨᠳᠦ ᠪᠠ ᠬᠤᠪᠢ ᠶᠢᠨ ᠠᠰᠢᠭ ᠲᠤᠰᠠ ᠶᠢ ᠨᠢ ᠬᠠᠮᠠᠭᠠᠯᠠᠬᠤ ᠶᠢᠨ ᠲᠤᠯᠠᠳᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ HPV ᠸᠠᠺᠼᠢᠨ ᠬᠠᠩᠭᠠᠬᠤ ᠠᠵᠤ ᠠᠬᠤᠶᠢᠯᠠᠯ ᠤᠳ ᠲᠠᠢ ᠢᠳᠡᠪᠬᠢᠲᠡᠢ ᠪᠠᠷ ᠵᠥᠪᠳᠡᠯᠴᠡᠵᠦ ᠪᠠᠶᠢᠭᠠᠳ ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠠᠶᠢᠨ᠎ᠠ᠃ ᠣᠳᠣᠬᠠᠨ ᠳᠤ᠂ ᠡᠯ᠎ᠡ ᠠᠶᠢᠮᠠᠭ ᠬᠤᠲᠠ ᠶᠢᠨ HPV ᠸᠠᠺᠼᠢᠨ ᠢ ᠵᠠᠯᠭᠠᠭ᠎ᠠ ᠪᠠᠷ ᠬᠦᠷᠭᠡᠭᠰᠡᠨ ᠪᠣᠯᠬᠤᠷ 11 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ 《ᠮᠦᠩᠬᠡ ᠰᠤᠪᠠᠭ》 ᠢᠶᠠᠷ ᠪᠥᠬᠦ ᠣᠷᠣᠨ ᠳᠤ ᠸᠠᠺᠼᠢᠨ ᠤ ᠲᠠᠷᠢᠯᠭ᠎ᠠ ᠪᠣᠯᠵᠣᠬᠤ ᠳ᠋ᠤᠭᠠᠷ ᠲᠠᠯᠪᠢᠨ᠎ᠠ ᠃
HPV ᠸᠠᠺᠼᠢᠨ ᠤ ᠲᠠᠷᠢᠯᠭ᠎ᠠ ᠪᠣᠯ ᠰᠠᠪᠠᠨ ᠬᠦᠵᠦᠭᠦᠨ ᠤ ᠥᠮᠡᠨ ᠵᠢᠴᠢ ᠬᠤᠯᠪᠣᠭᠳᠠᠯ ᠪᠦᠬᠦᠢ ᠡᠪᠡᠳᠴᠢᠨ ᠡᠮᠭᠡᠭ ᠤᠳ ᠢ ᠰᠡᠷᠭᠡᠶᠢᠯᠡᠬᠦ ᠪᠦᠲᠦᠮᠵᠢᠲᠡᠶ ᠠᠷᠭ᠎ᠠ ᠪᠥᠭᠡᠳ ᠲᠣᠰ ᠸᠠᠺᠼᠢᠨ ᠨᠢ ᠡᠭᠡᠯᠢᠯᠡᠭᠡ ᠶᠢᠨ ᠪᠤᠰᠤ ᠲᠥᠯᠥᠪᠯᠡᠭᠡ ᠶᠢᠨ ᠸᠠᠺᠼᠢᠨ ᠮᠥᠨ᠂ ᠣᠯᠠᠨ ᠲᠦᠮᠡᠨ ᠰᠠᠶᠢᠨ ᠳᠤᠷ᠎ᠠ ᠠᠴᠠ ᠪᠠᠨ ᠥᠪᠡᠷ ᠤᠨ ᠰᠦᠢᠳᠬᠡᠯ ᠢᠶᠠᠷ ᠢᠶᠠᠨ ᠲᠠᠷᠢᠭᠤᠯᠵᠤ ᠪᠣᠯᠣᠨ᠎ᠠ᠂ 9 ᠠᠴᠠ 45 ᠨᠠᠰᠤᠨ ᠤ ᠡᠮᠡᠭᠲᠡᠶᠢᠴᠦᠳ ᠲᠤ ᠲᠣᠬᠢᠷᠠᠨ᠎ᠠ᠃ ᠲᠠᠷᠢᠭᠤᠯᠬᠤ ᠱᠠᠭᠠᠷᠳᠠᠯᠭ᠎ᠠ ᠲᠠᠢ ᠳᠣᠬᠢᠷᠠᠬᠤ ᠨᠠᠰᠤᠨ ᠤ ᠬᠥᠮᠥᠰ 《ᠮᠦᠩᠬᠡ ᠰᠤᠪᠠᠭ》ᠳᠡᠭᠡᠷ᠎ᠡ ᠳᠠᠩᠰᠠᠯᠠᠭᠤᠯᠤᠭᠰᠠᠨ ᠤ ᠳᠠᠷᠠᠭ᠎ᠠ᠂ ᠨᠢᠭᠤᠷ ᠲᠠᠬᠢ HPV ᠸᠠᠺᠼᠢᠨ ᠲᠠᠷᠢᠭᠤᠯᠬᠤ ᠳᠠᠷᠤᠪᠴᠢ ᠶᠢ ᠳᠠᠷᠤᠵᠤ ᠪᠣᠯᠵᠣᠵᠤ ᠪᠣᠯᠣᠨ᠎ᠠ᠃
9 ᠸᠠᠯᠧᠨ᠋ᠲᠲᠤ HPV ᠸᠠᠺᠼᠢᠨ ᠲᠠᠷᠢᠭᠤᠯᠬᠤ ᠬᠥᠮᠥᠨ ᠨᠡᠯᠢᠶᠡᠳ ᠣᠯᠠᠨ ᠪᠣᠯᠬᠤᠷ ᠪᠣᠯᠵᠤᠭ᠎ᠠ ᠦᠭᠡᠢ ᠬᠥᠮᠥᠰ ᠲᠡᠪᠴᠢᠶᠡᠷᠢᠲᠡᠢ ᠬᠦᠯᠢᠶᠡᠮᠦ᠂ ᠲᠠᠷᠢᠯᠭ᠎ᠠ ᠪᠣᠯᠵᠣᠬᠤ ᠳ᠋ᠤᠭᠠᠷ ᠢ ᠰᠠᠷ᠎ᠠ ᠪᠦᠷᠢ ᠲᠠᠯᠪᠢᠨ ᠂ ᠸᠠᠺᠼᠢᠨ ᠲᠠᠷᠢᠭᠤᠯᠬᠤ ᠬᠦᠰᠡᠯ ᠲᠠᠢ ᠬᠦᠮᠦᠨ ᠪᠦᠬᠦᠨ ᠳᠤ ᠲᠠᠷᠢᠵᠤ ᠥᠭᠬᠦ ᠪᠠᠷ ᠴᠢᠷᠮᠠᠶᠢᠨ᠎ᠠ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶᠠᠨ ᠠᠴᠠ ᠰᠠᠨᠠᠭᠤᠯᠵᠤ ᠪᠠᠶᠢᠨ᠎ᠠ ᠃