ᠵᠤᠬᠢᠶᠠᠭᠴᠢ: ᠴᠠᠭ:2024-06-21 ᠥᠵᠡᠭᠰᠡᠨ : ᠢᠷᠡᠯᠲᠡ:  ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ  
ᠮᠠᠨ ᠤ ᠤᠷᠤᠨ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ

 

ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠭᠢ ᠶᠢᠨ ᠰᠤᠷᠭᠠᠨ ᠬᠥᠮᠦᠵᠢᠯ ᠤᠨ ᠲᠤᠰᠠᠯᠠᠮᠵᠢ

ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠵᠢᠨ‌ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ

ᠳᠤᠰᠠᠯᠠᠬᠤ ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠣᠨᠴᠠ ᠰᠢᠯᠢᠳᠡᠭ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠪᠠ ᠲᠤᠰᠬᠠᠶ ᠮᠡᠷᠭᠡᠵᠢᠯ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠡᠬᠢ ᠣᠶᠤᠲᠠᠨ ᠴᠣᠯᠠ ᠪᠠᠭᠲᠠᠨ᠎ᠠ︶ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠃

ᠪᠠᠷᠢᠮᠵᠢᠶ᠎ᠠ᠄ ᠰᠤᠷᠤᠭᠴᠢ ᠨᠢᠭᠡᠪᠦᠷᠢ ᠶᠢᠨ ᠵᠢᠯ ᠪᠦᠷᠢ 8000 ᠲᠥᠭᠦᠷᠢᠭ᠃

ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠠᠴᠠ ᠵᠣᠷᠢᠭᠵᠢᠭᠤᠯᠬᠤ ᠱᠠᠩᠨᠠᠯ ᠤᠨ ᠮᠥᠩᠭᠦ

ᠳᠤᠰᠠᠯᠠᠬᠤ ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠮᠣᠷᠠᠯ ᠰᠤᠷᠤᠯᠭ᠎ᠠ ᠬᠤᠤᠰᠯᠠᠭᠰᠠᠨ ᠬᠡᠷ ᠪᠦᠯᠢ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠪᠠ ᠲᠤᠰᠬᠠᠶ ᠮᠡᠷᠭᠡᠵᠢᠯ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠡᠬᠢ ᠣᠶᠤᠲᠠᠨ ᠴᠣᠯᠠ ᠪᠠᠭᠲᠠᠨ᠎ᠠ︶ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠃

ᠪᠠᠷᠢᠮᠵᠢᠶ᠎ᠠ᠄ ᠰᠤᠷᠤᠭᠴᠢ ᠨᠢᠭᠡᠪᠦᠷᠢ ᠶᠢᠨ ᠵᠢᠯ ᠪᠦᠷᠢ 5000 ᠲᠥᠭᠦᠷᠢᠭ᠃

ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ

ᠳᠤᠰᠠᠯᠠᠬᠤ ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠬᠡᠷ ᠪᠦᠯᠢ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ︵ᠪᠡᠯᠡᠳᠭᠡᠯ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠡᠬᠢ ᠣᠶᠤᠲᠠᠨ ᠴᠣᠯᠠ ᠶᠢᠨ ᠰᠣᠷᠣᠭᠴᠢ ᠪᠠᠭᠲᠠᠨ᠎ᠠ᠂ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠰᠣᠷᠣᠭᠴᠢ ᠪᠠᠭᠲᠠᠬᠤ ᠥᠬᠡᠶ︶ ᠰᠤᠷᠭᠠᠭᠤᠯᠢ ᠳᠤ ᠪᠠᠶᠢᠭ᠎ᠠ ᠰᠣᠷᠣᠭᠴᠢ᠃

ᠪᠠᠷᠢᠮᠵᠢᠶ᠎ᠠ᠄ ᠰᠤᠷᠤᠭᠴᠢ ᠨᠢᠭᠡᠪᠦᠷᠢ ᠶᠢᠨ ᠵᠢᠯ ᠪᠦᠷᠢ 3300 ᠲᠥᠭᠦᠷᠢᠭ᠃

ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ

ᠳᠤᠰᠠᠯᠠᠬᠤ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠣᠨᠴᠠ ᠰᠢᠯᠢᠳᠡᠭ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠃

ᠪᠠᠷᠢᠮᠵᠢᠶ᠎ᠠ᠄ ᠰᠤᠷᠤᠭᠴᠢ ᠨᠢᠭᠡᠪᠦᠷᠢ ᠶᠢᠨ ᠵᠢᠯ ᠪᠦᠷᠢ 6000 ᠲᠥᠭᠦᠷᠢᠭ᠃

ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠵᠣᠷᠢᠭᠵᠢᠭᠤᠯᠬᠤ ᠱᠠᠩᠨᠠᠯ ᠤᠨ ᠮᠥᠩᠭᠦ

ᠳᠤᠰᠠᠯᠠᠬᠤ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠮᠣᠷᠠᠯ ᠰᠤᠷᠤᠯᠭ᠎ᠠ ᠬᠤᠤᠰᠯᠠᠭᠰᠠᠨ ᠬᠡᠷ ᠪᠦᠯᠢ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠃

ᠪᠠᠷᠢᠮᠵᠢᠶ᠎ᠠ᠄ ᠰᠤᠷᠤᠭᠴᠢ ᠨᠢᠭᠡᠪᠦᠷᠢ ᠶᠢᠨ ᠵᠢᠯ ᠪᠦᠷᠢ 4000 ᠲᠥᠭᠦᠷᠢᠭ᠃

ᠰᠤᠷᠤᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ

ᠳᠤᠰᠠᠯᠠᠬᠤ ᠡᠲᠡᠭᠡᠳ᠄ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠵᠦ᠂ ᠦᠨᠡᠨ ᠪᠣᠳᠠᠲᠠᠶ᠂ ᠬᠠᠤᠯᠢ ᠶᠣᠰᠣᠨ ᠤ᠂ ᠬᠦᠴᠦᠨ ᠪᠥᠬᠦᠶ ᠡᠯᠰᠡᠬᠦ ᠮᠡᠳᠡᠭᠳᠡᠯ ᠤᠨ ᠪᠢᠴᠢᠭ ᠣᠯᠤᠭᠰᠠᠨ ᠰᠢᠨ᠎ᠡ ᠰᠣᠷᠣᠭᠴᠢ ᠪᠤᠶᠤ ᠶᠡᠭᠡ ᠳᠡᠭᠡᠳᠦ ᠰᠤᠷᠭᠠᠭᠤᠯᠢ ᠶᠢᠨ ᠰᠤᠷᠤᠯᠴᠠᠵᠤ ᠪᠠᠶᠢᠭ᠎ᠠ ᠵᠢᠩᠬᠢᠨᠢ ᠠᠩᠭᠢ ᠶᠢᠨ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠂ ᠠᠰᠫᠢᠷᠠᠨᠲ ᠪᠠ ᠬᠤᠶᠠᠳᠤᠭᠠᠷ ᠵᠢᠩᠭᠢᠨᠢ ᠠᠩᠭᠢ ᠶᠢᠨ ᠣᠶᠤᠲᠠᠨ᠃

ᠪᠠᠷᠢᠮᠵᠢᠶ᠎ᠠ᠄ ᠵᠢᠩᠬᠢᠨᠢ ᠠᠩᠭᠢ ᠶᠢᠨ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠶᠢᠨ ᠬᠢ  ᠶᠢ ᠵᠢᠯ ᠪᠦᠷᠢ ᠬᠠᠮᠤᠭ ᠤᠨ ᠥᠨᠳᠥᠷ ᠲᠡᠭᠡᠨ 16000 ᠲᠥᠭᠦᠷᠢᠭ ᠢ ᠳᠠᠪᠠᠭᠤᠯᠬᠤ ᠥᠬᠡᠶ᠂ ᠠᠰᠫᠢᠷᠠᠨᠲ ᠨᠢᠭᠡᠪᠦᠷᠢ ᠶᠢᠨ ᠬᠢ ᠶᠢ ᠵᠢᠯ ᠪᠦᠷᠢ  ᠬᠠᠮᠤᠭ ᠤᠨ ᠥᠨᠳᠥᠷ ᠲᠡᠭᠡᠨ 20000 ᠲᠥᠭᠦᠷᠢᠭ ᠢ ᠳᠠᠪᠠᠭᠤᠯᠬᠤ ᠥᠬᠡᠶ᠃

ᠴᠡᠷᠢᠭ ᠤᠨ ᠠᠯᠪᠠ ᠬᠠᠭᠠᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠰᠤᠷᠭᠠᠨ ᠬᠥᠮᠦᠵᠢᠯ ᠤᠨ ᠲᠤᠰᠠᠯᠠᠮᠵᠢ

ᠳᠤᠰᠠᠯᠠᠬᠤ ᠡᠲᠡᠭᠡᠳ᠄ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ᠂ ᠪᠠᠭ᠎ᠠ ᠣᠹᠢᠼᠧᠷ ᠢᠶᠠᠷ ᠡᠯᠰᠡᠭᠰᠡᠨ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠭᠰᠡᠨ ᠪᠤᠶᠤ ᠰᠤᠷᠭᠠᠭᠤᠯᠢ ᠳᠤ ᠣᠷᠣᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠥᠭᠬᠦ ᠶᠢ ᠬᠡᠷᠡᠭᠵᠢᠭᠦᠯᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ᠂ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠨ᠎ᠡ᠃

ᠪᠠᠷᠢᠮᠵᠢᠶ᠎ᠠ᠄ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠪᠤᠶᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠣᠷᠣᠯᠠᠨ ᠲᠥᠯᠥᠬᠦ ᠵᠣᠭᠤᠰ ᠤᠨ ᠲᠤᠭ᠎ᠠ ᠶᠢ ᠰᠤᠷᠤᠭᠴᠢ ᠶᠢᠨ ᠪᠣᠳᠠᠲᠠᠢ ᠲᠤᠰᠢᠶᠠᠭᠰᠠᠨ ᠰᠤᠷᠤᠯᠭ᠎ᠠ ᠶᠢᠨ ᠰᠦᠢᠳᠬᠡᠯ ᠪᠤᠶᠤ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ︵ᠡᠬᠡ ᠮᠥᠩᠭᠦ ᠵᠢᠴᠢ ᠪᠦᠬᠦᠨ ᠢ ᠲᠥᠯᠥᠬᠦ ᠠᠴᠠ ᠡᠮᠦᠨ᠎ᠡ ᠪᠤᠶ ᠪᠣᠯᠤᠭᠰᠠᠨ ᠬᠦᠦ ᠮᠥᠩᠭᠦ ᠪᠠᠭᠲᠠᠨ᠎ᠠ︶ ᠬᠤᠶᠠᠷ ᠤᠨ ᠵᠣᠭᠤᠰ ᠤᠨ ᠲᠤᠭ᠎ᠠ ᠶᠢᠨ ᠨᠡᠯᠢᠶᠡᠳ ᠥᠨᠳᠥᠷ ᠲᠤᠭ᠎ᠠ ᠶᠢ ᠦᠨᠳᠦᠰᠦᠯᠡᠨ ᠬᠡᠷᠡᠭᠵᠢᠭᠦᠯᠦᠨ᠎ᠡ︔ ᠰᠤᠷᠤᠯᠭ᠎ᠠ ᠪᠠᠨ ᠰᠡᠷᠭᠦᠭᠡᠬᠦ ᠪᠤᠶᠤ ᠰᠢᠨ᠎ᠡ ᠰᠤᠷᠤᠭᠴᠢ ᠰᠤᠷᠭᠠᠭᠤᠯᠢ ᠳᠤ ᠣᠷᠣᠭᠰᠠᠨ ᠤ ᠳᠠᠷᠠᠭ᠎ᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠵᠣᠭᠤᠰ ᠤᠨ ᠲᠤᠭ᠎ᠠ ᠶᠢ ᠶᠡᠭᠡ ᠳᠡᠭᠡᠳᠦ ᠰᠤᠷᠭᠠᠭᠤᠯᠢ ᠶᠢᠨ ᠪᠣᠳᠠᠲᠠᠢ ᠬᠤᠷᠢᠶᠠᠭᠰᠠᠨ ᠰᠤᠷᠤᠯᠭ᠎ᠠ ᠶᠢᠨ ᠰᠦᠢᠳᠬᠡᠯ ᠤᠨ ᠵᠣᠭᠤᠰ ᠤᠨ ᠲᠤᠭ᠎ᠠ ᠪᠠᠷ ᠬᠡᠷᠡᠭᠵᠢᠭᠦᠯᠦᠨ᠎ᠡ᠃

ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠣᠷᠣᠯᠠᠨ ᠲᠥᠯᠥᠬᠦ ᠵᠢᠴᠢ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠶᠢᠨ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠨᠢᠭᠡᠪᠦᠷᠢ ᠶᠢᠨ ᠬᠢ ᠶᠢ ᠵᠢᠯ ᠪᠦᠷᠢ ᠬᠠᠮᠤᠭ ᠤᠨ ᠥᠨᠳᠥᠷ ᠲᠡᠭᠡᠨ 16000 ᠲᠥᠭᠦᠷᠢᠭ ᠢ ᠳᠠᠪᠠᠭᠤᠯᠬᠤ ᠦᠭᠡᠢ᠂ ᠠᠰᠫᠢᠷᠠᠨᠲ ᠨᠢᠭᠡᠪᠦᠷᠢ ᠶᠢᠨ ᠬᠢ ᠶᠢ ᠵᠢᠯ ᠪᠦᠷᠢ ᠬᠠᠮᠤᠭ ᠤᠨ ᠥᠨᠳᠥᠷ ᠲᠡᠭᠡᠨ 20000 ᠲᠥᠭᠦᠷᠢᠭ ᠢ ᠳᠠᠪᠠᠭᠤᠯᠬᠤ ᠦᠭᠡᠢ᠃ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠨᠥᠬᠦᠪᠦᠷᠢ ᠥᠭᠬᠦ᠂ ᠣᠷᠣᠯᠠᠨ ᠲᠥᠯᠥᠬᠦ ᠪᠤᠶᠤ ᠬᠠᠰᠤᠵᠤ ᠬᠡᠯᠲᠦᠷᠢᠭᠦᠯᠬᠦ ᠦᠭᠡᠢ᠃

ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠵᠢᠭᠡᠯᠡᠯᠭᠡ ᠶᠢ ᠣᠷᠣᠯᠠᠨ ᠲᠥᠯᠥᠬᠦ

ᠳᠤᠰᠠᠯᠠᠬᠤ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠠᠩᠭᠢ ᠶᠢᠨ ᠲᠤᠰ ᠬᠤᠭᠤᠴᠠᠭᠠᠨ ᠤ ᠲᠡᠭᠦᠰᠦᠭᠰᠡᠳ ᠰᠠᠶᠢᠨ ᠳᠤᠷ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠠᠲᠠᠭᠤ ᠪᠡᠷᠬᠡᠰᠢᠶᠡᠯᠲᠡᠢ ᠪᠤᠶᠢᠳᠠ ᠪᠥᠭᠯᠡᠭᠦᠦ ᠭᠠᠵᠠᠷ ᠣᠷᠣᠨ ᠤ ᠦᠨᠳᠦᠰᠦᠨ ᠱᠠᠲᠤᠨ ᠤ ᠨᠢᠭᠡᠴᠢ ᠳᠤ ᠬᠦᠷᠴᠦ ᠠᠵᠢᠯ ᠣᠯᠵᠤ᠂ ᠦᠢᠯᠡᠴᠢᠯᠡᠬᠦ ᠬᠤᠭᠤᠴᠠᠭ᠎ᠠ ᠨᠢ 3 ᠵᠢᠯ ᠠᠴᠠ ᠳᠡᠭᠡᠭᠰᠢ︵3 ᠵᠢᠯ ᠪᠠᠭᠲᠠᠨ᠎ᠠ︶ᠪᠠᠶᠢᠵᠤ᠂ ᠦᠢᠯᠡᠴᠢᠯᠡᠬᠦ ᠬᠤᠭᠤᠴᠠᠭ᠎ᠠ ᠨᠢ ᠳᠦᠭᠦᠷᠡᠭᠰᠡᠨ ᠦ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃

ᠪᠠᠷᠢᠮᠵᠢᠶ᠎ᠠ᠄ ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠶᠢᠨ ᠬᠢ ᠶᠢ ᠵᠢᠯ ᠪᠦᠷᠢ ᠬᠠᠮᠤᠭ ᠤᠨ ᠥᠨᠳᠥᠷ ᠲᠡᠭᠡᠨ 16000 ᠲᠥᠭᠦᠷᠢᠭ ᠢ ᠳᠠᠪᠠᠭᠤᠯᠬᠤ ᠦᠭᠡᠢ᠂ ᠠᠰᠫᠢᠷᠠᠨᠲ ᠨᠢᠭᠡᠪᠦᠷᠢ ᠶᠢᠨ ᠬᠢ ᠶᠢ ᠵᠢᠯ ᠪᠦᠷᠢ ᠬᠠᠮᠤᠭ ᠤᠨ ᠥᠨᠳᠥᠷ ᠲᠡᠭᠡᠨ 20000 ᠲᠥᠭᠦᠷᠢᠭ ᠢ ᠳᠠᠪᠠᠭᠤᠯᠬᠤ ᠦᠭᠡᠢ᠃

ᠡᠩ ᠤᠨ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠨᠢ ᠬᠦᠴᠢᠷᠳᠡᠯᠲᠡᠢ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ

ᠳᠤᠰᠠᠯᠠᠬᠤ ᠡᠲᠡᠭᠡᠳ᠄ ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ᠄ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠡᠮᠵᠢᠨ ᠡᠩ ᠤᠨ ᠶᠡᠭᠡ ᠳᠡᠭᠡᠳᠦ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ ᠰᠢᠨ᠎ᠡ ᠰᠣᠷᠣᠭᠴᠢ ᠪᠥᠭᠡᠳ ᠡᠯᠰᠡᠭᠳᠡᠭᠰᠡᠨ ᠲᠤᠰ ᠵᠢᠯ ᠤᠨ 9 ᠳ᠋ᠤᠭᠡᠷ ᠰᠠᠷ᠎ᠠ ᠶᠢᠨ 1 ᠤ ᠡᠳᠦᠷ ᠤᠨ  ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ᠃

ᠰᠤᠷᠭᠠᠭᠤᠯᠢ ᠳᠤ ᠪᠠᠶᠢᠭ᠎ᠠ ᠰᠣᠷᠣᠭᠴᠢ᠄ 2021 ᠣᠨ ᠠᠴᠠ ᠬᠤᠶᠢᠰᠢ ᠰᠤᠷᠭᠠᠭᠤᠯᠢ ᠳᠤ ᠪᠠᠶᠢᠬᠤ ᠬᠤᠭᠤᠴᠠᠭᠠᠨ ᠤ 9 ᠳ᠋ᠤᠭᠡᠷ ᠰᠠᠷ᠎ᠠ ᠶᠢᠨ 1 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠪᠤᠯᠬᠤ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ︵2021 ᠣᠨ ᠠᠴᠠ ᠡᠮᠦᠨ᠎ᠡ ᠰᠤᠷᠭᠠᠭᠤᠯᠢ ᠳᠤ ᠣᠷᠣᠭᠰᠠᠨ ᠰᠤᠷᠤᠯᠴᠠᠵᠤ ᠪᠠᠶᠢᠭ᠎ᠠ ᠰᠣᠷᠣᠭᠴᠢ ᠪᠠᠭᠲᠠᠬᠤ ᠦᠭᠡᠢ︶᠃ ᠡᠭᠦᠨ ᠤ ᠬᠠᠮᠲᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠰᠤᠷᠤᠭᠴᠢᠳ ᠲᠤ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠳᠠᠪᠬᠤᠷ ᠬᠦᠷᠲᠡᠭᠡᠬᠦ ᠦᠭᠡᠢ᠃

ᠪᠠᠷᠢᠮᠵᠢᠶ᠎ᠠ᠄ ᠰᠤᠷᠤᠭᠴᠢ ᠨᠢᠭᠡᠪᠦᠷᠢ ᠳᠤ ᠵᠢᠯ ᠪᠦᠷᠢ 6000 ᠲᠥᠭᠦᠷᠢᠭ ᠲᠤᠰᠠᠯᠠᠨ᠎ᠠ᠃

 

 


   :                    
   :           
备案序号:蒙ICP备05003250号 公安备案15010502000173