ᠵᠤᠬᠢᠶᠠᠭᠴᠢ:
ᠴᠠᠭ:2024-10-18
ᠥᠵᠡᠭᠰᠡᠨ : ℃
ᠢᠷᠡᠯᠲᠡ: ᠠᠷᠠᠳ ᠤᠨ ᠮᠣᠩᠭᠤᠯ ᠰᠦᠯᠵᠢᠶ᠎ᠡ
ᠡᠶᠢᠮᠤᠷᠬᠦ ᠮᠢᠬ᠎ᠠ ᠶᠢ ᠬᠡᠳᠤᠢ ᠠᠷᠪᠢᠨ ᠢᠳᠡᠪᠡᠯ ᠰᠢᠬᠢᠷ ᠰᠢᠵᠢᠩ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠨᠢ ᠲᠡᠳᠦᠢ ᠶᠡᠭᠡ ᠪᠤᠯᠳᠠᠭ
ᠤᠯᠠᠭᠠᠨ ᠢᠳᠡᠭᠡᠨ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠪᠤᠭᠤ ᠶᠢᠨ ᠮᠢᠬ᠎ᠠ᠂ ᠲᠠᠤᠯᠠᠢ ᠶᠢᠨ ᠮᠢᠬ᠎ᠠ ᠵᠡᠷᠭᠡ ᠰᠢᠷᠬᠡᠭᠯᠢᠭ ᠳᠠᠪᠬᠤᠷᠭ᠎ᠠ ᠪᠦᠬᠦᠢ ᠤᠯᠠᠭᠠᠨ ᠥᠩᠭᠡ ᠲᠠᠢ ᠮᠠᠯ ᠤᠨ ᠮᠢᠬ᠎ᠠ ᠪᠠᠭᠳᠠᠵᠤ ᠪᠠᠶᠢᠬᠤ ᠪᠦᠭᠡᠳ ᠨᠢᠭᠡᠨᠲᠡ ᠡᠳᠡᠭᠡᠷ ᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠣᠯᠠᠨ ᠤᠯᠤᠰ ᠤᠨ ᠬᠤᠣᠷᠲᠤ ᠬᠠᠪᠤᠳᠠᠷ ᠤᠨ ᠰᠤᠳᠤᠯᠭᠠᠨ ᠤ ᠪᠠᠶᠢᠭᠤᠯᠤᠮᠵᠢ ᠠᠴᠠ 2A ᠲᠥᠷᠥᠯ ᠤᠨ ᠬᠤᠣᠷᠲᠤ ᠬᠠᠪᠤᠳᠠᠷ ᠡᠭᠦᠰᠬᠡᠳᠡᠭ ᠢᠳᠡᠭᠡᠨ ᠢᠶᠠᠷ ᠵᠢᠬᠰᠠᠭᠠᠪᠠ᠃ ᠤᠶᠢᠷ᠎ᠠ ᠶᠢᠨ ᠵᠢᠯ ᠠᠴᠠ ᠮᠠᠰᠢ ᠤᠯᠠᠨ ᠰᠤᠳᠤᠯᠭᠠᠨ《ᠤᠯᠠᠭᠠᠨ ᠢᠳᠡᠭᠡᠨ ᠨᠢ ᠬᠤᠳᠣᠭᠤᠳᠣᠨ ᠤ ᠬᠤᠣᠷᠲᠤ ᠬᠠᠪᠤᠳᠠᠷ᠂ ᠨᠤᠭᠤᠯᠤᠭ᠎ᠠ ᠭᠡᠳᠡᠰᠦᠨ ᠤ ᠬᠤᠣᠷᠲᠤ ᠬᠠᠪᠤᠳᠠᠷ᠂ ᠬᠥᠬᠦᠨ ᠪᠤᠯᠴᠢᠷᠬᠠᠢ ᠶᠢᠨ ᠬᠤᠣᠷᠲᠤ ᠬᠠᠪᠤᠳᠠᠷ᠂ ᠲᠦᠷᠦᠭᠦᠦ ᠪᠤᠯᠴᠢᠷᠬᠠᠢ ᠶᠢᠨ ᠬᠤᠣᠷᠲᠤ ᠬᠠᠪᠤᠳᠠᠷ ᠵᠡᠷᠭᠡ ᠣᠯᠠᠨ ᠵᠦᠢᠯ ᠤᠨ ᠬᠤᠣᠷᠲᠤ ᠬᠠᠪᠤᠳᠠᠷ ᠲᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠬᠦᠯᠬᠦ ᠲᠠᠢ ᠬᠠᠷᠢᠴᠠᠭ᠎ᠠ ᠬᠤᠯᠪᠤᠭ᠎ᠠ ᠲᠠᠢ》ᠭᠡᠳᠡᠭ ᠢ ᠭᠡᠷᠡᠴᠢᠯᠡᠭᠰᠡᠨ ᠪᠠᠶᠢᠨ᠎ᠠ᠃
ᠤᠯᠠᠭᠠᠨ ᠢᠳᠡᠭᠡᠨ ᠢ ᠬᠡᠳᠦᠢ ᠠᠷᠪᠢᠨ ᠢᠳᠡᠪᠡᠯ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠲᠡᠳᠦᠢ ᠥᠨᠳᠥᠷ ᠪᠤᠯᠳᠠᠭ
ᠵᠠᠷᠢᠮ ᠠᠵᠢᠭᠯᠠᠯᠲᠠ ᠶᠢᠨ ᠴᠢᠨᠠᠷ ᠲᠠᠢ ᠰᠤᠳᠤᠯᠭᠠᠨ ᠠᠴᠠ᠂ ᠤᠯᠠᠭᠠᠨ ᠢᠳᠡᠭᠡᠨ ᠳᠤ ᠬᠡᠲᠦ ᠶᠡᠭᠡ ᠬᠠᠨᠤᠭᠰᠠᠨ ᠥᠭᠡᠬᠦ ᠪᠣᠯᠤᠨ ᠾᠣᠯᠧᠰᠲ᠋ᠧᠷᠢᠨ ᠶᠡᠭᠡ ᠠᠭᠤᠯᠤᠬᠳᠠᠳᠠᠭ ᠪᠣᠯᠬᠤᠷ ᠬᠦᠮᠦᠨ ᠲᠥᠷᠥᠯᠬᠢᠲᠡᠨ ᠤ ᠵᠢᠷᠦᠬᠡᠨ ᠰᠤᠳᠠᠯ ᠦᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠬᠦᠯᠬᠦ ᠯᠤᠭᠡ ᠮᠡᠳᠡᠭᠳᠡᠮ᠎ᠡ ᠬᠠᠷᠢᠴᠠᠭ᠎ᠠ ᠬᠤᠯᠪᠣᠭ᠎ᠠ ᠲᠠᠢ᠃ ᠤᠯᠠᠭᠠᠨ ᠢᠳᠡᠭᠡᠨ ᠢ ᠬᠡᠳᠦᠢ ᠠᠷᠪᠢᠨ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠨᠢ ᠲᠡᠳᠦᠢ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃
2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠪᠠᠶᠢᠩᠭᠤ ᠲᠣᠬᠢᠶᠠᠯᠳᠤᠳᠠᠭ ᠬᠠᠪᠰᠤᠷᠤᠬᠰᠠᠨ ᠡᠪᠡᠳᠴᠢᠨ ᠪᠤᠯᠬᠤ ᠪᠦᠭᠡᠳ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠢᠭᠡᠨᠲᠡ ᠲᠣᠭᠲᠠᠭᠠᠭᠰᠠᠨ ᠠᠶᠤᠯᠲᠠᠶ ᠬᠦᠴᠦᠨ ᠵᠦᠢᠯ ᠪᠣᠯᠤᠨ᠎ᠠ᠃
ᠰᠤᠳᠤᠯᠤᠭᠠᠴᠢᠳ ᠲᠠᠷᠢᠬᠢᠨ ᠤ ᠴᠢᠰᠤᠨ ᠰᠤᠳᠠᠯ ᠤᠨ 43 ᠲᠥᠷᠥᠯ ᠤᠨ ᠡᠪᠡᠳᠴᠢᠨ ᠤ ᠰᠤᠳᠤᠯᠭᠠᠨ ᠪᠠ 23 ᠲᠥᠷᠥᠯ ᠤᠨ ᠰᠢᠬᠢᠷ ᠰᠢᠵᠢᠩ ᠡᠪᠡᠳᠴᠢᠨ ᠤ ᠰᠤᠳᠤᠯᠭᠠᠨ ᠳᠤ ᠵᠠᠳᠠᠯᠤᠯᠲᠠ ᠬᠢᠵᠦ᠂ ᠡᠳᠦᠷ ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡᠨ ᠪᠣᠯᠤᠨ 100 ᠭᠷᠡᠮ ᠡᠳ᠋ᠰᠢᠬᠦᠯᠦᠨ ᠪᠤᠯᠪᠠᠰᠤᠷᠠᠭᠤᠯᠤᠭᠠᠳᠤᠢ ᠤᠯᠠᠭᠠᠨ ᠢᠳᠡᠭᠡᠨ ᠬᠢᠭᠡᠳ ᠵᠢᠷᠦᠬᠡ ᠴᠢᠰᠤᠨ ᠰᠤᠳᠠᠯ ᠦᠨ ᠡᠪᠡᠳᠴᠢᠨ ᠪᠣᠯᠤᠨ ᠰᠢᠬᠢᠷ ᠰᠢᠵᠢᠩ ᠡᠪᠡᠳᠴᠢᠨ ᠤ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠵᠠᠳᠠᠯᠤᠨ ᠰᠤᠳᠤᠯᠵᠠᠢ᠃
ᠰᠤᠳᠤᠯᠭᠠᠨ ᠢᠶᠠᠷ ᠤᠯᠵᠤ ᠮᠡᠳᠡᠭᠰᠡᠨ ᠨᠢ᠂ ᠡᠳ᠋ᠰᠢᠬᠦᠯᠦᠨ ᠪᠤᠯᠪᠠᠰᠤᠷᠠᠭᠤᠯᠤᠬᠰᠠᠨ ᠪᠤᠶᠤ ᠡᠳ᠋ᠰᠢᠬᠦᠯᠦᠨ ᠪᠤᠯᠪᠠᠰᠤᠷᠠᠭᠤᠯᠤᠭᠠᠳᠤᠢ ᠤᠯᠠᠭᠠᠨ ᠢᠳᠡᠭᠡᠨ ᠢ ᠶᠡᠭᠡ ᠬᠡᠮᠵᠢᠶ᠎ᠡ ᠪᠡᠷ ᠢᠳᠡᠬᠦ ᠨᠢ ᠵᠢᠷᠦᠬᠡ ᠴᠢᠰᠤᠨ ᠰᠤᠳᠠᠯ ᠦᠨ ᠡᠪᠡᠳᠴᠢᠨ ᠪᠣᠯᠤᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠭᠦᠯᠳᠡᠭ᠃ ᠡᠳᠦᠷ ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡᠨ ᠢ ᠢᠯᠡᠬᠦᠦ ᠢᠳᠡᠪᠡᠯ ᠵᠢᠷᠦᠬᠡ ᠴᠢᠰᠤᠨ ᠰᠤᠳᠠᠯ ᠦᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 26% ᠪᠠᠷ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 44% ᠪᠠᠷ ᠨᠡᠮᠡᠭᠳᠡᠬᠦᠯᠳᠡᠭ᠃ ᠡᠳᠦᠷ ᠪᠦᠷᠢ 100 ᠭᠷᠠᠮ ᠤᠯᠠᠭᠠᠨ ᠢᠳᠡᠭᠡᠨ ᠢ ᠢᠯᠡᠭᠦᠦ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 11% ᠪᠠᠷ ᠨᠡᠮᠡᠭᠳᠡᠬᠦᠯᠵᠦ ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 27 % ᠪᠠᠷ ᠨᠡᠮᠡᠭᠳᠡᠬᠦᠯᠳᠡᠭ ᠪᠠᠶᠢᠨ᠎ᠠ᠃