ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠠᠷᠠᠳ ᠤᠨ ᠮᠣᠩᠭᠤᠯ ᠰᠦᠯᠵᠢᠶ᠎ᠡ
ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠨᠥᠬᠦᠪᠥᠷᠢ ᠥᠭᠬᠦ ᠣᠯᠠᠨ ᠵᠦᠢᠯᠡᠰ ᠢ ᠨᠡᠮᠡᠪᠡ
ᠫᠧᠩ ᠫᠠᠢ ᠰᠣᠨᠢᠨ ᠮᠡᠳᠡᠭᠡᠨ ᠤ ᠮᠡᠳᠡᠭᠡᠯᠡᠭᠰᠡᠨ ᠢᠶᠠᠷ᠂ ᠱᠠᠩᠬᠠᠢ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠰᠠᠶᠢᠬᠠᠨ ᠴᠠᠭ ᠦᠶ᠎ᠡ ᠳᠤ《ᠳᠡᠯᠭᠡᠨ ᠦᠵᠡᠭᠦᠯᠬᠦ》ᠪᠠᠷ 《ᠬᠡᠷᠡᠭᠯᠡᠭᠡ》 ᠶᠢ ᠠᠬᠢᠭᠤᠯᠬᠤ ᠬᠡᠯᠪᠡᠷᠢ ᠪᠠᠷ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠵᠤ ᠪᠠᠶᠢᠨ᠎ᠠ᠃ 《ᠱᠠᠩᠬᠠᠶ ᠬᠤᠲᠠ ᠶᠢᠨ ᠤᠯᠤᠰ ᠤᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠲᠦᠷᠢᠮ》ᠵᠢᠴᠢ 《ᠱᠠᠩᠬᠠᠶ ᠬᠤᠲᠠ ᠶᠢᠨ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠦᠴᠦᠯᠡᠨ ᠳᠡᠮᠵᠢᠬᠦ ᠨᠠᠷᠢᠨ ᠲᠦᠷᠢᠮ》 ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠪᠠᠷ ᠨᠡᠮᠡᠭᠳᠡᠭᠰᠡᠨ ᠬᠡᠷ ᠤᠨ ᠴᠠᠬᠢᠯᠭᠠᠨ ᠬᠡᠷᠡᠭᠰᠡᠯ ᠬᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠥᠭᠬᠦ ᠵᠦᠢᠯᠡᠰ ᠪᠠ ᠣᠷᠣᠯᠴᠠᠬᠤ ᠠᠵᠤ ᠠᠬᠤᠶᠢᠯᠠᠯ ᠤᠨ ᠨᠡᠷᠡᠰ︵ᠳᠥᠷᠪᠡᠳᠦᠭᠡᠷ ᠪᠦᠯᠦᠭ︶ ᠢ ᠵᠠᠷᠯᠠᠨ ᠨᠡᠶᠢᠲᠡᠯᠡᠪᠡ᠂ ᠡᠭᠦᠨ ᠳᠤ ᠴᠠᠬᠢᠯᠭᠠᠨ ᠦᠯᠢᠶᠡᠭᠦᠷ᠂ ᠴᠢᠮᠡᠭᠯᠡᠯ ᠳ᠋ᠧᠩ᠂ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠵᠡᠷᠭᠡ ᠳᠤ ᠨᠥᠬᠦᠪᠥᠷᠢ ᠥᠭᠬᠦ ᠵᠦᠢᠯᠡᠰ ᠢ ᠰᠢᠨ᠎ᠡ ᠪᠠᠷ ᠨᠡᠮᠡᠵᠡᠢ᠃