ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠠᠷᠠᠳ ᠤᠨ ᠰᠦᠯᠵᠢᠶ᠎ᠡ
ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠮᠡᠳᠡᠭᠳᠡᠯ
ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ᠂ 2025 ᠣᠨ ᠤ 1 ᠰᠠᠷ᠎ᠠ ᠠᠴᠠ ᠡᠬᠢᠯᠡᠨ《ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ》 ᠶᠢᠨ ᠲᠣᠭᠠᠴᠠᠭ᠎ᠠ ᠡᠷᠳᠡᠨᠢ ᠵᠢᠵᠢᠭ ᠫᠷᠤᠭ᠍ᠷᠠᠮ︵支付宝小程︶ ᠳᠤ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ ᠬᠢᠵᠦ ᠪᠣᠯᠤᠨ᠎ᠠ ᠭᠡᠪᠡ᠃
ᠵᠢᠵᠢᠭ ᠫᠷᠤᠭ᠍ᠷᠠᠮ ᠳᠤ ᠭᠡᠷᠡᠴᠢᠯᠡᠭᠡ ᠬᠢᠬᠦ ᠶᠢᠨ ᠠᠯᠬᠤᠮ ᠳᠠᠷᠠᠭ᠎ᠠ
ᠨᠢᠭᠡᠳᠦᠭᠡᠷ ᠠᠯᠬᠤᠮ᠄ 《ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ》 ᠶᠢᠨ ᠵᠢᠵᠢᠭ ᠫᠷᠤᠭ᠍ᠷᠠᠮ ᠢ ᠬᠠᠶᠢᠨ ᠡᠷᠢᠬᠦ ᠶᠢᠨ ᠬᠠᠮᠲᠤ ᠲᠡᠭᠦᠨ ᠢ ᠲᠤᠪᠰᠢᠵᠦ ᠣᠷᠣᠨ᠎ᠠ᠃
ᠬᠤᠶᠠᠳᠤᠭᠠᠷ ᠠᠯᠬᠤᠮ᠄ 《ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ》 ᠶᠢ ᠰᠣᠩᠭᠤᠨ᠎ᠠ᠃
ᠭᠤᠷᠪᠠᠳᠤᠭᠠᠷ ᠠᠯᠬᠤᠮ᠄ ᠭᠡᠷᠡᠴᠢᠯᠡᠭᠡ ᠬᠢᠬᠦ ᠬᠦᠮᠦᠨ ᠤ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠭᠠᠷ ᠤᠲᠠᠰᠤᠨ ᠤ ᠨᠣᠮᠧᠷ ᠢ ᠪᠢᠴᠢᠵᠦ ᠤᠷᠤᠭᠤᠯᠤᠭᠠᠳ ᠭᠡᠷᠡᠴᠢᠯᠡᠭᠡ ᠬᠢᠬᠦ ᠶᠢ ᠲᠤᠪᠰᠢᠵᠦ᠂ ᠵᠢᠰᠦ ᠴᠢᠷᠠᠶ ᠪᠠᠨ ᠢᠯᠭᠠᠨ ᠲᠠᠨᠢᠭᠤᠯᠵᠤ᠂ ᠨᠤᠳᠠᠯᠠᠨ ᠭᠡᠷᠡᠴᠢᠯᠡᠭᠰᠡᠨ ᠤ ᠳᠠᠷᠠᠭ᠎ᠠ ᠭᠡᠷᠡᠴᠢᠯᠡᠭᠡ ᠬᠢᠭᠰᠡᠨ ᠦᠷ᠎ᠡ ᠳ᠋ᠦᠩ ᠢ ᠴᠢᠨᠢ ᠪᠤᠴᠠᠭᠠᠨ ᠶᠠᠪᠤᠭᠤᠯᠵᠤ᠂ ᠨᠤᠳᠠᠯᠠᠨ ᠭᠡᠷᠡᠴᠢᠯᠡᠭᠰᠡᠨ ᠨᠢ ᠪᠦᠳᠦᠭᠰᠡᠨ ᠢ ᠰᠠᠨᠠᠭᠤᠯᠤᠨ᠎ᠠ᠃