ᠵᠤᠬᠢᠶᠠᠭᠴᠢ:
ᠴᠠᠭ:2025-04-18
ᠥᠵᠡᠭᠰᠡᠨ : ℃
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠯ ᠪᠤᠯᠤᠨ ᠠᠵᠤ ᠦᠢᠯᠡᠰ ᠤᠨ ᠭᠦᠭᠵᠢᠯᠳᠡ ᠶᠢ ᠤᠨᠤᠪᠴᠢᠳᠠᠢ ᠤᠶᠠᠯᠳᠤᠭᠤᠯᠬᠤ ᠭᠡᠷᠡᠭᠳᠡᠢ
ᠤᠯᠠᠭᠠᠨᠰᠤᠬᠠᠢ ᠨᠠᠭᠤᠷ ᠤᠨ ᠦᠵᠡᠮᠵᠢ᠂ ᠰᠢᠪᠠᠭᠤ᠂ ᠨᠠᠷᠠᠨ ᠬᠤᠸᠠᠷ᠂ ᠮᠠᠨᠳᠠᠷᠠᠸ᠎ᠠ ᠴᠡᠴᠡᠭ᠂ ᠮᠠᠯᠤᠷ ᠦᠳᠡᠭᠡ ᠤᠷᠠᠯᠠᠯ ᠤᠷᠠᠨ ᠵᠢᠷᠤᠭ ᠤᠨ ᠶᠡᠭᠡ ᠪᠠᠭᠰᠢᠳᠡᠨ ᠯᠢᠶᠠᠨ ᠵᠢᠶᠦ᠋ᠨ ᠴᠢᠶᠠᠩ ᠤᠨ ᠪᠦᠳᠦᠭᠡᠯ ᠤᠳ ᠨᠢ ᠠᠮᠢᠳᠤᠯᠢᠭ ᠦᠡᠭᠭᠡ ᠪᠤᠳᠤᠭ ᠨᠢ ᠬᠤᠷᠴᠠ ᠲᠤᠳᠤᠷᠠᠭᠤᠨ ᠪᠠᠶᠢᠳᠠᠭ ᠢᠶᠠᠷ ᠢᠶᠠᠨ ᠭᠦᠮᠦᠰ ᠤᠨ ᠲᠠᠭᠠᠰᠢᠶᠠᠯ ᠢ ᠤᠯᠤᠭᠰᠠᠨ ᠪᠠᠶᠢᠳᠠᠭ᠃ ᠡᠳᠡᠭᠡᠷ ᠢ ᠴᠥᠮ ᠤᠯᠠᠭᠠᠨᠰᠤᠬᠠᠢ ᠶᠢᠨ ᠬᠤᠯᠤᠰᠤ ᠪᠠᠷ ᠤᠷᠠᠯᠠᠭᠰᠠᠨ ᠭᠡᠳᠡᠭ ᠨᠢ ᠭᠠᠶᠢᠬᠠᠭᠤᠰᠢᠳᠠᠢ᠃ ᠬᠤᠯᠤᠰᠤᠨ ᠵᠢᠷᠤᠭ ᠤᠨ ᠤᠷᠠᠯᠠᠯ ᠨᠢ ᠭᠤᠶᠢᠳᠠ ᠰᠠᠶᠢᠬᠠᠨ᠂ ᠦᠨ᠎ᠠ ᠬᠠᠨᠭ᠍ᠰᠢ ᠨᠢ ᠲᠤᠭᠢᠷᠠᠮᠵᠢᠳᠠᠢ ᠪᠠᠶᠢᠵᠤ᠂ ᠲᠠᠷᠠᠴᠢᠯᠠᠨ ᠤᠯᠠᠭᠠᠨᠰᠤᠬᠠᠢ ᠶᠢᠨ ᠬᠤᠯᠤᠰᠤ ᠡᠯᠪᠡᠭ᠂ ᠡᠭᠢ ᠪᠠᠶᠠᠯᠢᠭ ᠦᠯᠡᠮᠵᠢ ᠪᠠᠶᠢᠳᠠᠭ᠃ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠦ᠂ ᠡᠭᠡᠯ ᠶᠠᠷᠦᠮᠳᠡᠭ ᠬᠤᠯᠤᠰᠤ ᠶᠢ ᠤᠷᠠᠯᠢᠭ ᠤᠨ ᠪᠤᠯᠪᠠᠰᠤᠷᠠᠭᠤᠯᠤᠯ ᠢᠶᠠᠷ ᠲᠠᠮᠵᠢᠭᠤᠯᠤᠭᠠᠳ ᠦᠨ᠎ᠡ ᠦᠷᠳᠡᠭ ᠤᠨ ᠨᠡᠮᠡᠭᠳᠡᠯ ᠢ ᠪᠡᠶᠡᠯᠡᠭᠦᠯᠵᠡᠢ᠃ ᠬᠤᠯᠤᠰᠤᠨ ᠵᠢᠷᠤᠭ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠠᠴᠠ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠬᠤ ᠪᠠ ᠲᠤᠬᠠᠢ ᠶᠢᠨ ᠭᠠᠵᠠᠷ ᠤᠷᠤᠨ ᠤ ᠠᠵᠤ ᠦᠢᠯᠡᠰ ᠤᠨ ᠭᠦᠭᠵᠢᠯᠳᠡ ᠶᠢ ᠠᠭᠢᠭᠤᠯᠬᠤ ᠲᠠᠢ ᠤᠶᠠᠯᠳᠤᠭᠤᠯᠵᠤ᠂ ᠮᠡᠷᠭᠡᠵᠢᠯ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠦᠨ᠂ ᠵᠤᠭᠢᠶᠠᠨ ᠪᠦᠳᠦᠭᠡᠭᠦ ᠭᠢᠷᠢ ᠲᠦᠪᠰᠢᠨ ᠢᠶᠠᠨ ᠲᠡᠭᠡᠭᠰᠢᠯᠡᠭᠦᠯᠭᠦ ᠶᠢᠨ ᠲᠠᠭᠠᠦ ᠪᠠᠰᠠ ᠪᠤᠯᠪᠠᠰᠤᠷᠠᠯ ᠤᠨ ᠰᠤᠷᠭᠠᠭᠤᠯᠢ ᠪᠠᠶᠢᠭᠤᠯᠬᠤ᠂ ᠪᠤᠯᠪᠠᠰᠤᠷᠠᠯ ᠤᠨ ᠠᠩᠬᠢ ᠡᠷᠭᠢᠯᠡᠭᠦ ᠵᠡᠷᠭᠡ ᠠᠷᠭ᠎ᠠ ᠭᠡᠯᠪᠠᠷᠢ ᠪᠠᠷ ᠨᠡᠩ ᠤᠯᠠᠨ ᠬᠤᠯᠤᠰᠤᠨ ᠵᠢᠷᠤᠭ ᠤᠷᠠᠯᠠᠭᠴᠢ ᠶᠢ ᠭᠦᠮᠦᠵᠢᠭᠦᠯᠦᠨ᠂ ᠲᠤᠬᠠᠢ ᠶᠢᠨ ᠭᠠᠵᠠᠷ ᠤᠷᠤᠨ ᠤ ᠴᠢᠨᠡᠭᠡᠯᠢᠭᠵᠢᠯ ᠢ ᠠᠭᠢᠭᠤᠯᠤᠭᠰᠠᠨ ᠪᠠᠶᠢᠨ᠎ᠠ᠃ ᠡᠶᠢᠮᠦᠷᠭᠦ ᠭᠢᠳᠡᠯ ᠨᠢ ᠨᠡᠭᠡᠷᠡᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠯ ᠪᠤᠯᠤᠨ ᠠᠵᠤ ᠦᠢᠯᠡᠰ ᠤᠨ ᠭᠦᠭᠵᠢᠯᠳᠡ ᠶᠢᠨ ᠤᠶᠠᠯᠳᠤᠯ ᠢ ᠤᠨᠤᠪᠴᠢᠳᠠᠢ ᠡᠷᠢᠵᠤ ᠤᠯᠤᠭᠰᠠᠨ ᠤᠴᠢᠷ ᠪᠤᠯᠵᠠᠢ᠃
ᠦᠪᠦᠷ ᠮᠤᠩᠭᠤᠯ ᠭᠠᠵᠠᠷ ᠨᠤᠳᠤᠭ ᠦᠷᠭᠡᠨ ᠠᠭᠤᠳᠠᠮ᠂ ᠦᠨᠢ ᠤᠳᠠᠭᠠᠨ ᠲᠡᠦᠭᠡ ᠲᠠᠢ᠂ ᠰᠤᠶᠤᠯ ᠤᠨ ᠭᠦᠷᠦᠰᠦ ᠰᠢᠷᠤᠢ ᠵᠤᠵᠠᠭᠠᠨ᠂ ᠤᠨᠴᠠᠯᠢᠭᠳᠤ ᠪᠤᠳᠠᠰ ᠤᠨ ᠪᠤᠰᠤ ᠰᠤᠶᠤᠯ ᠤᠨ ᠦᠪ ᠤᠯᠠᠨ ᠶᠠᠩᠵᠤ ᠶᠢᠨ ᠪᠠᠶᠢᠵᠤ᠂ ᠡᠯ᠎ᠠ ᠵᠦᠢᠯ ᠤᠨ ᠤᠯᠠᠮᠵᠢᠯᠠᠯᠳᠤ ᠮᠡᠷᠭᠡᠵᠢᠯ ᠡᠯᠪᠡᠭ ᠪᠠᠶᠢᠵᠤ᠂ ᠨᠡᠭᠡᠭᠡᠵᠤ ᠠᠰᠢᠭᠯᠠᠬᠤ ᠰᠤᠶᠤᠯ ᠤᠨ《ᠪᠠᠶᠠᠨ ᠠᠭᠤᠷᠬᠠᠢ》ᠲᠠᠢ᠃ ᠲᠤᠬᠠᠢ ᠶᠢᠨ ᠭᠠᠵᠠᠷ ᠤᠨ ᠡᠭᠢ ᠪᠠᠶᠠᠯᠢᠭ ᠲᠠᠭᠠᠨ ᠰᠠᠭᠤᠷᠢᠯᠠᠨ᠂ ᠤᠯᠠᠮᠵᠢᠯᠠᠯᠳᠤ ᠤᠷᠠᠯᠠᠯ ᠢᠶᠠᠨ ᠵᠠᠯᠭᠠᠮᠵᠢᠯᠠᠵᠤ᠂ ᠲᠤᠬᠠᠢ ᠶᠢᠨ ᠭᠠᠵᠠᠷ ᠤᠷᠤᠨ ᠤ ᠠᠵᠤ ᠦᠢᠯᠡᠰ ᠤᠨ ᠭᠦᠭᠵᠢᠯᠳᠡ ᠲᠠᠢ ᠤᠶᠠᠯᠳᠤᠭᠤᠯᠵᠤ᠂ ᠠᠵᠤ ᠦᠢᠯᠡᠰ ᠤᠨ ᠭᠦᠭᠵᠢᠯᠳᠡ ᠶᠢ ᠠᠭᠢᠭᠤᠯᠵᠤ᠂ ᠤᠯᠠᠨ ᠲᠦᠮᠡᠨ ᠤ ᠤᠷᠤᠯᠭ᠎ᠠ ᠶᠢ ᠨᠡᠮᠡᠭᠳᠡᠭᠦᠯᠭᠦ ᠪᠤᠯ ᠪᠢᠳᠡ ᠪᠦᠭᠦᠨ ᠤ ᠡᠮᠦᠨ᠎ᠡ ᠲᠠᠯᠪᠢᠭᠳᠠᠵᠤ ᠪᠠᠶᠢᠭ᠎ᠠ ᠵᠠᠪᠠᠯ ᠬᠠᠷᠢᠭᠤᠯᠬᠤ ᠰᠡᠳᠦᠪ ᠮᠦᠨ᠃ ᠵᠠᠪᠠᠯ ᠬᠠᠷᠢᠭᠤᠯᠬᠤ ᠡᠨᠡ ᠰᠡᠳᠦᠪ ᠤᠨ ᠬᠠᠮᠤᠭ ᠤᠨ ᠰᠢᠯᠢᠳᠡᠭ ᠬᠠᠷᠢᠭᠤᠯᠳᠠ ᠨᠢ ᠲᠠᠷᠤᠢ ᠲᠤᠬᠠᠢ ᠶᠢᠨ ᠭᠠᠵᠠᠷ ᠤᠨ ᠲᠠᠪᠠᠭᠤᠯᠢᠭ ᠲᠠᠭᠠᠨ ᠰᠠᠭᠤᠷᠢᠯᠠᠨ᠂ ᠲᠤᠬᠠᠢ ᠶᠢᠨ ᠭᠠᠵᠠᠷ ᠤᠨ ᠤᠨᠴᠠᠯᠢᠭ ᠲᠠᠭᠠᠨ ᠲᠤᠭᠢᠷᠠᠭᠤᠯᠵᠤ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠵᠠᠯᠭᠠᠮᠵᠢᠯᠠᠵᠤ ᠰᠢᠨ᠎ᠠ ᠶᠢ ᠡᠭᠦᠳᠴᠦ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠬᠤ ᠪᠠ ᠠᠵᠤ ᠦᠢᠯᠡᠰ ᠤᠨ ᠭᠦᠭᠵᠢᠯᠳᠡ ᠶᠢᠨ ᠬᠤᠯᠪᠤᠭᠠᠰᠤ ᠶᠢ ᠪᠠᠶᠢᠭᠤᠯᠵᠤ᠂ ᠪᠤᠳᠠᠰ ᠤᠨ ᠪᠤᠰᠤ ᠰᠤᠶᠤᠯ ᠤᠨ ᠦᠪ ᠤᠨ ᠠᠭᠤᠯᠬᠤᠨ ᠢ ᠭᠦᠨᠵᠡᠭᠡᠢ ᠠᠭᠤᠳᠠᠯᠤᠨ᠂ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ ᠪᠤᠳᠠᠰ ᠤᠨ ᠪᠤᠰᠤ ᠰᠤᠶᠤᠯ ᠤᠨ ᠨᠠᠷᠠ ᠠᠯᠳᠠᠷᠰᠢᠯ ᠢ ᠲᠡᠭᠡᠭᠰᠢᠯᠡᠭᠦᠯᠭᠦ ᠶᠢᠨ ᠬᠠᠮᠳᠤ ᠲᠦᠷᠦ ᠶᠢᠨ ᠪᠤᠳᠤᠯᠭ᠎ᠠ᠂ ᠲᠠᠯᠠᠪᠠᠢ᠂ ᠴᠢᠳᠠᠪᠤᠷᠢᠳᠠᠨ᠂ ᠮᠡᠷᠭᠡᠵᠢᠯ ᠵᠡᠷᠭᠡ ᠤᠯᠠᠨ ᠲᠠᠯ᠎ᠠ ᠶᠢᠨ ᠲᠡᠮᠵᠢᠯᠭᠡ ᠶᠢ ᠭᠦᠷᠳᠡᠭᠡᠵᠤ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠰᠢᠨ᠎ᠠ ᠶᠢ ᠡᠭᠦᠳᠭᠦ ᠶᠢ ᠲᠡᠮᠵᠢᠪᠠᠯ ᠵᠤᠭᠢᠨ᠎ᠡ᠃ ᠨᠠᠶᠢᠭᠡᠮ ᠤᠨ ᠡᠳ᠋ ᠭᠦᠷᠦᠩᠭᠡ ᠶᠢ ᠴᠤᠭᠯᠠᠭᠤᠯᠬᠤ ᠬᠠᠮᠳᠤᠷᠠᠵᠤ ᠦᠢᠯᠡᠳᠪᠦᠷᠢ ᠡᠷᠭᠢᠯᠡᠬᠦ ᠵᠡᠷᠭᠡ ᠭᠡᠯᠪᠠᠷᠢ ᠪᠠᠷ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠭᠡᠷ ᠪᠦᠯᠢ ᠶᠢᠨ ᠭᠠᠷ ᠦᠢᠯᠡᠳᠭᠡᠯ ᠤᠨ ᠭᠠᠵᠠᠷ ᠡᠷᠭᠢᠯᠡᠵᠤ ᠪᠠᠶᠢᠭᠰᠠᠨ ᠠᠴᠠ ᠦᠢᠯᠡᠳᠪᠦᠷᠢ ᠪᠠᠶᠢᠭᠤᠯᠤᠨ ᠲᠡᠯᠭᠡᠭᠦᠷ ᠨᠡᠭᠡᠭᠡᠭᠦ ᠶᠢ ᠲᠡᠮᠵᠢᠵᠤ᠂ ᠪᠤᠳᠠᠰ ᠤᠨ ᠪᠤᠰᠤ ᠰᠤᠶᠤᠯ ᠤᠨ ᠦᠪ ᠤᠨ ᠪᠦᠳᠦᠭᠡᠭᠳᠡᠭᠦᠨ ᠤ ᠪᠤᠷᠤᠯᠠᠭᠤᠯᠭ᠎ᠠ ᠨᠢ ᠲᠠᠷᠠᠬᠠᠢ ᠪᠤᠳᠠᠷᠬᠠᠢ ᠪᠤᠷᠤᠯᠠᠭᠤᠯᠵᠤ ᠪᠠᠶᠢᠭᠰᠠᠨ ᠠᠴᠠ ᠪᠠᠨ ᠲᠠᠸᠠᠷ ᠤᠨ ᠲᠡᠮᠳᠡᠭ ᠲᠡᠩᠰᠠᠯᠠᠭᠤᠯᠤᠨ᠂ ᠨᠡᠷᠡᠳᠦ ᠲᠦᠷᠦᠯ ᠲᠡᠮᠳᠡᠭ ᠤᠨ ᠦᠢᠯᠡᠳᠦᠯ ᠲᠠᠢ ᠪᠤᠯᠵᠤ᠂ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠤᠨ ᠠᠵᠤ ᠦᠢᠯᠡᠰ ᠤᠨ ᠭᠡᠯᠬᠢᠶ᠎ᠠ ᠶᠢ ᠪᠠᠶᠢᠭᠤᠯᠪᠠᠯ ᠲᠠᠭᠠᠷᠠᠨ᠎ᠠ︔ ᠡᠭᠦᠨ ᠤ ᠬᠠᠮᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠢᠳᠡᠪᠭᠢ ᠦᠢᠯᠡᠳᠦᠯ ᠢ ᠬᠦᠢᠴᠡᠳ ᠪᠠᠳᠠᠷᠠᠭᠤᠯᠵᠤ᠂ ᠲᠠᠳᠠᠨ ᠤ ᠱᠠᠪᠢ ᠡᠯᠰᠡᠭᠦ᠂ ᠰᠤᠷᠭᠠᠭᠤᠯᠢ ᠡᠷᠭᠢᠯᠡᠬᠦ᠂ ᠪᠤᠯᠪᠠᠰᠤᠷᠠᠯ ᠡᠷᠭᠢᠯᠡᠭᠦ ᠵᠡᠷᠭᠡ ᠤᠯᠠᠨ ᠵᠦᠢᠯ ᠤᠨ ᠠᠷᠭ᠎ᠠ ᠪᠠᠷ ᠲᠠᠮᠵᠢᠭᠤᠯᠤᠨ ᠪᠤᠳᠠᠰ ᠤᠨ ᠪᠤᠰᠤ ᠰᠤᠶᠤᠯ ᠤᠨ ᠦᠪ ᠤᠨ ᠮᠡᠷᠭᠡᠵᠢᠯ ᠢ ᠤᠯᠠᠮᠵᠢᠯᠠᠵᠤ᠂ ᠨᠡᠩ ᠤᠯᠠᠨ ᠭᠦᠮᠦᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠤᠨ ᠠᠵᠤ ᠦᠢᠯᠡᠰ ᠢᠶᠠᠷ ᠲᠠᠮᠵᠢᠨ ᠤᠷᠤᠯᠭ᠎ᠠ ᠪᠠᠨ ᠨᠡᠮᠡᠭᠳᠡᠭᠦᠯᠵᠤ ᠪᠠᠶᠠᠵᠢᠨ ᠴᠢᠨᠡᠭᠡᠯᠢᠭᠵᠢᠭᠦ ᠶᠢ ᠠᠭᠢᠭᠤᠯᠬᠤ ᠨᠢ ᠵᠦᠢᠳᠡᠢ᠃