ᠵᠤᠬᠢᠶᠠᠭᠴᠢ:
ᠴᠠᠭ:2021-02-08
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ 5 ᠵᠢᠯ ᠳᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 460.3 ᠳ᠋ᠦᠩᠰᠢᠭᠤᠷ ᠲᠥᠭᠦᠷᠢᠭ ᠣᠷᠤᠭᠤᠯᠪᠠ
《ᠠᠷᠪᠠᠨ ᠭᠤᠷᠪᠠᠳᠤᠭᠠᠷ ᠲᠠᠪᠤᠨ ᠵᠢᠯ》 ᠠᠴᠠ ᠨᠠᠰᠢ᠂ ᠮᠠᠨ ᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠲᠤᠶᠢᠯ ᠤᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠶᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃
2016— 2020 ᠣᠨ᠂ ᠲᠥᠪ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ 5 ᠵᠢᠯ ᠳᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 460.3 ᠳ᠋ᠦᠩᠰᠢᠭᠤᠷ ᠲᠥᠭᠦᠷᠢᠭ ᠣᠷᠤᠭᠤᠯᠪᠠ᠃ ᠡᠭᠦᠨ ᠳᠤ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠨᠢ 120 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠨᠢ 191.5 ᠳ᠋ᠦᠩᠰᠢᠭᠤᠷ ᠲᠥᠭᠦᠷᠢᠭ᠂ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠨᠢ 148.8 ᠳ᠋ᠦᠩᠰᠢᠭᠤᠷ ᠲᠥᠭᠦᠷᠢᠭ ᠪᠣᠯᠤᠨ᠎ᠠ᠃ 2020 ᠣᠨ ᠤ ᠡᠬᠢ ᠪᠠᠷ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠡᠷᠡ ᠳᠠᠷᠤᠶᠢᠬᠠᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 3.5 ᠳ᠋ᠦᠩᠰᠢᠭᠤᠷ ᠲᠥᠭᠦᠷᠢᠭ ᠨᠡᠮᠡᠵᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠪᠠ᠃ ᠡᠭᠦᠨ ᠤ ᠬᠠᠮᠲᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠬᠡᠷᠡᠭᠯᠡᠬᠦ ᠴᠢᠭᠯᠡᠯ ᠢ ᠲᠣᠬᠢᠷᠠᠭᠤᠯᠤᠨ ᠰᠢᠯᠢᠳᠡᠭᠵᠢᠭᠦᠯᠵᠦ᠂ ᠪᠠᠯᠠ ᠮᠥᠩᠭᠦ ᠶᠢ ᠠᠵᠤ ᠦᠶᠯᠡᠰ ᠤᠨ ᠲᠥᠷᠥᠯ ᠵᠦᠶᠯ ᠳᠠᠰᠢ ᠭᠤᠤᠯᠳᠠᠯᠭ᠎ᠠ ᠲᠠᠢ ᠬᠡᠯᠪᠡᠶᠢᠯᠭᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠪᠡ᠃
ᠤᠯᠤᠰ ᠠᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠮᠠᠯ ᠠᠵᠤ ᠠᠬᠤᠢ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ ᠬᠡᠷᠡᠭᠯᠡᠬᠦ ᠲᠤᠷᠰᠢᠯᠲᠠ ᠶᠢᠨ ᠠᠵᠢᠯ ᠢ ᠥᠷᠨᠢᠭᠦᠯᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠰᠢᠨᠡᠴᠢᠯᠡᠵᠦ᠂ ᠶᠠᠳᠠᠭᠤ ᠶᠢ ᠲᠡᠳᠬᠦᠬᠦ ᠬᠦᠷᠢᠶᠡᠨ ᠳᠠᠬᠢ 《ᠲᠠᠯᠪᠢᠬᠤ ᠬᠠᠮᠢᠶᠠᠷᠬᠤ ᠦᠶᠯᠡᠴᠢᠯᠡᠬᠦ》 ᠥᠭᠡᠷᠡᠴᠢᠯᠡᠯᠲᠡ ᠶᠢ ᠠᠬᠢᠭᠤᠯᠤᠨ᠂ ᠪᠠᠯᠠ ᠮᠥᠩᠭᠦ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠭᠦᠶᠴᠡᠳ ᠪᠠᠲᠤᠯᠠᠭ᠎ᠠ ᠬᠠᠩᠭᠠᠪᠠ᠃ ᠪᠥᠬᠦ ᠣᠷᠣᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠬᠡᠪᠴᠢᠶ᠎ᠡ ᠵᠢᠯ ᠳᠠᠷᠠᠭᠠᠯᠠᠨ ᠨᠡᠮᠡᠭᠳᠡᠵᠦ᠂ ᠮᠠᠨ ᠤ ᠣᠷᠣᠨ ᠠᠴᠠ 2017 ᠣᠨ ᠳᠤ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 31 ᠬᠤᠰᠢᠭᠤ ᠰᠢᠶᠠᠨ ᠳᠤ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠳᠥᠷᠪᠡᠨ ᠱᠠᠲᠤᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ 49.3 ᠳ᠋ᠦᠩᠰᠢᠭᠤᠷ ᠲᠥᠭᠦᠷᠢᠭ᠂ 2018 ᠣᠨ ᠳᠤ 55.8 ᠳ᠋ᠦᠩᠰᠢᠭᠤᠷ ᠲᠥᠭᠦᠷᠢᠭ᠂ 2019 ᠣᠨ ᠳᠤ 71.8 ᠳ᠋ᠦᠩᠰᠢᠭᠤᠷ ᠲᠥᠭᠦᠷᠢᠭ᠂ 2020 ᠣᠨ ᠳᠤ 73.98 ᠳ᠋ᠦᠩᠰᠢᠭᠤᠷ ᠲᠥᠭᠦᠷᠢᠭ ᠲᠤᠰ ᠲᠤᠰ ᠡᠮᠬᠢᠯᠡᠨ ᠨᠡᠶᠢᠯᠡᠭᠦᠯᠪᠡ᠃