ᠵᠤᠬᠢᠶᠠᠭᠴᠢ: ᠴᠠᠭ:2021-03-05 ᠥᠵᠡᠭᠰᠡᠨ : ᠢᠷᠡᠯᠲᠡ: ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ 
ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠦᠷᠭᠡᠳᠭᠡᠭᠰᠡᠨ ᠬᠤᠷᠠᠯ ᠵᠢᠴᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ

ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠦᠷᠭᠡᠳᠭᠡᠭᠰᠡᠨ ᠬᠤᠷᠠᠯ ᠵᠢᠴᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠦ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ  ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠠᠢ


2021  3 ᠳ᠋ᠤᠭᠠᠷ ᠰᠠᠷ᠎ᠠ ᠶᠢᠨ 1 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠤᠳᠤᠷᠢᠳᠬᠤ ᠲᠤᠭᠤᠢᠢᠯᠠᠩ ᠤᠨ ᠳᠠᠷᠤᠭ᠎ᠠ ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠦᠷᠭᠡᠳᠭᠡᠭᠰᠡᠨ ᠬᠤᠷᠠᠯ ᠵᠢᠴᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠦ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ  ᠂ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃
 ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠦ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠬᠦᠨᠵᠡᠭᠡᠢ  ᠨᠠᠶᠢᠳᠠᠪᠤᠷᠢᠵᠢᠭᠤᠯᠵᠦ᠂ ᠤᠳᠤ ᠶᠠᠭ ᠦᠷᠨᠢᠬᠦᠯᠵᠦ ᠪᠠᠶᠢᠭ᠎ᠠ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠲᠠᠢ ᠤᠶᠠᠯᠳᠤᠭᠤᠯᠤᠨ᠂ ᠦᠷᠭᠡᠨ ᠤᠯᠠᠨ ᠨᠠᠮ ᠤᠨ ᠪᠠ ᠺᠠᠳ᠋ᠷ ᠤᠯᠠᠨ ᠲᠦᠮᠡᠨ ᠢ ᠬᠦᠮᠦᠵᠢᠬᠦᠯᠦᠨ ᠬᠦᠳᠦᠯᠦᠨ ᠵᠢᠯᠤᠭᠤᠳᠴᠦ ᠮᠠᠨ ᠤ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠴᠢᠬᠤᠯᠠ ᠶᠡᠭᠡ ᠲᠡᠦᠭᠡᠳᠦ ᠴᠢᠨᠠᠷᠳᠠᠢ ᠠᠮᠵᠢᠯᠳᠠ ᠤᠯᠤᠭᠰᠠᠨ ᠤ ᠠᠭᠤᠤ ᠶᠡᠭᠡ ᠠᠴᠢ ᠬᠤᠯᠪᠤᠭᠳᠠᠯ ᠢ ᠬᠦᠨᠵᠡᠭᠡᠢ ᠤᠢᠢᠯᠠᠭᠠᠬᠤ ᠪᠠᠷ ᠪᠠᠷᠠᠬᠤ ᠦᠭᠡᠢ ᠪᠠᠰᠠ ᠡᠶᠢᠨ ᠬᠦ ᠴᠢᠬᠤᠯᠠ ᠶᠡᠭᠡ ᠲᠡᠦᠭᠡᠳᠦ ᠴᠢᠨᠠᠷᠳᠠᠢ ᠠᠮᠵᠢᠯᠳᠠ ᠤᠯᠤᠭᠰᠠᠨ ᠤ ᠦᠨᠳᠦᠰᠦᠨ ᠰᠢᠯᠳᠠᠭᠠᠨ ᠢ ᠬᠦᠨᠵᠡᠭᠡᠢ ᠲᠠᠨᠢᠵᠦ᠂ ᠲᠡᠶᠢᠮᠦ ᠭᠡᠬᠦ ᠶᠢ ᠮᠡᠳᠡᠬᠦ ᠪᠠᠷ ᠪᠠᠷᠠᠬᠤ ᠦᠭᠡᠢ ᠪᠠᠰᠠ ᠴᠤᠬᠤᠮ ᠶᠠᠭᠠᠬᠢᠭᠠᠳ ᠲᠡᠶᠢᠮᠦ ᠪᠤᠯᠬᠤ᠂ ᠶᠠᠭᠠᠬᠢᠭᠠᠳ ᠯᠠᠪᠳᠠᠢ ᠲᠠᠶᠢᠮᠦ ᠪᠤᠯᠬᠤ ᠶᠢ ᠦᠨᠡᠨ ᠬᠦ ᠮᠡᠳᠡᠵᠤ᠂ ᠨᠡᠩ ᠡᠷᠡᠰ ᠪᠠᠳᠤ ᠤᠬᠠᠮᠰᠠᠷ ᠠᠴᠠ ᠪᠠᠨ 《ᠬᠤᠶᠠᠷ ᠢ ᠬᠠᠮᠠᠭᠠᠯᠠᠬᠤ》 ᠶᠢ ᠪᠡᠶᠡᠯᠡᠬᠦᠯᠬᠦ ᠭᠡᠷᠡᠭᠲᠡᠢ᠃ ᠳᠤᠮᠳᠠᠳᠤ ᠤᠯᠤᠰ ᠤᠨ ᠤᠨᠴᠠᠯᠢᠭ ᠲᠠᠢ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠵᠠᠮ᠂ ᠳᠤᠮᠳᠠᠳᠤ ᠤᠯᠤᠰ ᠤᠨ ᠤᠨᠴᠠᠯᠢᠭ ᠲᠠᠢ ᠶᠠᠳᠠᠭᠤ ᠬᠦᠴᠢᠷᠳᠡᠯᠲᠠᠢ ᠲᠡᠮᠡᠴᠡᠬᠦ ᠤᠨᠤᠯ ᠤᠨ ᠲᠤᠬᠠᠢ ᠤᠢᠢᠯᠠᠭᠠᠯᠳᠠ ᠡᠵᠡᠮᠰᠢᠯ ᠢᠶᠠᠨ ᠳᠠᠰᠤᠷᠠᠯᠳᠠ ᠦᠭᠡᠢ ᠬᠦᠨᠵᠡᠭᠡᠶᠢᠷᠡᠬᠦᠯᠵᠦ᠂ ᠶᠡᠷᠦᠩᠭᠡᠢ ᠱᠦᠵᠢ ᠰᠢ ᠶᠢᠨ ᠫᠢᠩ ᠤᠨ ᠬᠤᠷᠢᠶᠠᠩᠭᠤᠢᠢᠯᠠᠭᠰᠠᠨ 《ᠲᠤᠯᠤᠭᠠᠨ ᠪᠠᠷᠢᠮᠳᠠᠯᠠᠯ》 ᠤᠨ ᠴᠢᠬᠤᠯᠠ ᠲᠤᠷᠰᠢᠯᠭ᠎ᠠ ᠪᠠ ᠲᠨᠨᠢᠯᠳᠠ ᠶᠢ ᠦᠨᠡᠨ ᠬᠦ ᠤᠷᠳᠤ ᠬᠤᠭᠤᠴᠠᠭ᠎ᠠ ᠪᠠᠷ ᠪᠠᠷᠢᠮᠳᠠᠯᠠᠨ᠂ ᠡᠯ᠎ᠠ ᠬᠦᠷᠢᠶᠡᠨ ᠤ ᠪᠤᠳᠠᠳᠠᠢ ᠠᠵᠢᠯ ᠳᠤᠮᠳᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ᠃ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮ ᠴᠢᠨᠠᠬᠰᠢᠳᠠ ᠰᠠᠶᠢᠳᠤᠷ ᠰᠤᠷᠤᠯᠴᠠᠨ ᠡᠵᠡᠮᠰᠢᠵᠦ᠂ ᠲᠤᠷᠠᠳᠤᠭᠰᠠᠨ ᠭᠤᠤᠯᠳᠠᠯᠭ᠎ᠠ ᠲᠠᠢ ᠡᠬᠦᠷᠭᠡ ᠪᠠ ᠠᠵᠢᠯ ᠤᠨ ᠱᠠᠭᠠᠷᠳᠠᠯᠭ᠎ᠠ ᠶᠢ ᠤᠨᠤᠴᠠᠳᠠᠢ ᠡᠵᠡᠮᠳᠡᠨ᠂ ᠨᠠᠮ ᠤᠨ ᠲᠦᠪ ᠬᠤᠷᠢᠶᠠᠨ ᠤ 《ᠮᠡᠳᠡᠭᠳᠡᠯ》 ᠳᠤ ᠲᠤᠭᠳᠠᠭᠠᠭᠰᠠᠨ ᠡᠯ᠎ᠠ ᠵᠦᠢᠯ ᠤᠨ ᠪᠠᠶᠢᠷᠢᠯᠠᠭᠤᠯᠤᠯᠳᠠ ᠲᠤᠬᠢᠷᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠳᠡᠥᠬᠡ ᠶᠢ ᠰᠤᠷᠤᠯᠴᠠᠵᠦ ᠶᠤᠰᠤ ᠤᠴᠢᠷ ᠢ ᠤᠢᠢᠯᠠᠭᠠᠬᠤ᠂ ᠳᠡᠥᠬᠡ ᠶᠢ ᠰᠤᠷᠤᠯᠴᠠᠵᠦ ᠢᠳᠡᠬᠡᠯ ᠢᠶᠠᠨ ᠨᠡᠮᠡᠭᠳᠡᠬᠦᠯᠬᠦ᠂ ᠳᠡᠥᠬᠡ ᠶᠢ ᠰᠤᠷᠤᠯᠴᠠᠵᠦ ᠶᠤᠰᠤ ᠰᠤᠷᠳᠠᠬᠤᠨ ᠢ ᠡᠷᠬᠢᠮᠯᠡᠬᠦ᠂ ᠳᠡᠥᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠬᠦᠯᠬᠦ ᠶᠢ ᠲᠤᠪᠤᠶᠢᠯᠭᠠᠨ᠂ ᠪᠦᠬᠦ ᠤᠷᠤᠨ ᠤ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠯᠠᠪᠳᠠᠭᠤᠨ ᠪᠠᠳᠤᠳᠠᠢ ᠵᠤᠬᠢᠶᠠᠨ ᠪᠠᠶᠢᠭᠤᠯᠵᠦ ᠦᠷᠨᠢᠬᠦᠯᠦᠨ᠂ ᠦᠨᠡᠨ ᠪᠤᠳᠠᠳᠠᠢ ᠦᠷ᠎ᠠ ᠪᠦᠳᠦᠮᠵᠢ ᠭᠠᠷᠭᠠᠬᠤ ᠶᠢ ᠪᠠᠳᠤᠯᠠᠬᠤ ᠭᠡᠷᠡᠭᠲᠡᠢ᠃ ᠡᠯ᠎ᠠ ᠲᠤᠭᠤᠷᠢᠨ ᠵᠢᠯᠤᠭᠤᠳᠬᠤ ᠲᠤᠭᠤᠢᠢᠯᠠᠩ ᠤᠨ ᠬᠢᠨ ᠳᠠᠷᠦ᠋ᠢᠬᠠᠨ ᠠᠵᠢᠯᠯᠠᠬᠤ ᠪᠠᠶᠢᠳᠠᠯ ᠳᠠᠭᠠᠨ ᠤᠷᠤᠵᠦ᠂ ᠨᠠᠷᠢᠨ ᠨᠢᠮᠪᠠᠢ ᠱᠠᠯᠠᠪᠳᠠᠭᠤᠯᠤᠨ ᠵᠢᠯᠤᠭᠤᠳᠴᠦ᠂ ᠰᠤᠷᠤᠯᠴᠠᠯᠭ᠎ᠠ ᠬᠦᠮᠦᠵᠢᠯ ᠤᠨ ᠠᠵᠢᠯ ᠵᠢᠱᠢᠭᠰᠡᠨ ᠦᠷ᠎ᠠ ᠪᠦᠳᠦᠮᠵᠢ ᠤᠯᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃ 
ᠬᠤᠷᠠᠯ ᠳᠡᠭᠡᠷ᠎ᠠ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠤᠨ ᠳᠠᠷᠤᠮᠠᠯᠯᠠᠨ ᠳᠠᠷᠬᠠᠭᠠᠭᠰᠠᠨ 《ᠲᠤᠭᠤᠷᠢᠨ ᠪᠠᠶᠢᠴᠠᠭᠠᠬᠤ ᠲᠤᠭᠤᠷᠢᠨ ᠴᠠᠬᠳᠠᠬᠤ ᠶᠢᠨ ᠳᠡᠭᠡᠳᠦ ᠲᠤᠤᠷᠠᠳᠦ ᠱᠠᠳᠤ ᠬᠤᠯᠪᠤᠭᠠᠯᠠᠬᠤ ᠶᠢ ᠴᠢᠩᠭᠠᠳᠬᠠᠬᠤ ᠲᠤᠬᠠᠢ ᠰᠠᠨᠠᠯ》 ᠢ ᠰᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ 2020 ᠣᠨ ᠠᠴᠠ ᠨᠠᠭᠠᠰᠢᠬᠢ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠠᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠢᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠨᠵᠡᠭᠡᠶᠢᠷᠡᠬᠦᠯᠬᠦ ᠪᠤᠯᠤᠨ ᠲᠦᠪ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠤᠷᠭᠠᠨᠢᠬ ᠢᠶᠠᠷ ᠤᠶᠠᠯᠳᠤᠭᠤᠯᠵᠦ᠂ ᠨᠢᠭᠡᠳᠦᠯᠳᠠᠢ ᠲᠦᠯᠦᠪᠵᠢᠬᠦᠯᠦᠨ ᠰᠤᠳᠤᠯᠵᠦ᠂ ᠨᠢᠭᠡ ᠴᠤᠬᠴᠠᠵᠢᠭᠤᠯᠤᠨ ᠠᠬᠢᠭᠤᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠳᠬᠤᠬᠤ ᠶᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠤᠨ᠂ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠠᠵᠢᠯ ᠳᠤ ᠠᠭᠤᠰᠤᠯᠴᠠᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠭᠤᠰᠤᠯᠴᠠᠭᠤᠯᠤᠨ᠂ ᠪᠠᠬ ᠤᠨ ᠡᠩᠨᠡᠭᠡᠨ ᠤ ᠪᠠᠶᠢᠭᠤᠯᠤᠯᠳᠠ ᠳᠤ ᠠᠭᠤᠰᠤᠯᠴᠠᠭᠤᠯᠤᠨ᠂ ᠲᠦᠷᠢᠮ ᠲᠤᠭᠳᠠᠴᠠ ᠶᠢ ᠳᠠᠰᠤᠷᠠᠯᠳᠠ ᠦᠭᠡᠢ ᠳᠡᠬᠦᠯᠳᠡᠷᠵᠢᠬᠦᠯᠵᠦ᠂ ᠲᠤᠭᠤᠷᠢᠨ ᠪᠠᠶᠢᠴᠠᠭᠠᠯᠳᠠ ᠶᠢᠨ 《ᠰᠡᠬᠦᠯᠴᠢ ᠶᠢᠨ ᠠᠵᠢᠯ》 ᠢ ᠰᠠᠶᠢᠳᠤᠷ ᠬᠢᠵᠦ᠂ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠪᠠᠷ ᠪᠦᠬᠦ᠋ᠢᠯᠡ ᠴᠤᠬᠴᠠ ᠶᠢᠨ ᠠᠵᠢᠯ ᠤᠨ ᠲᠦᠪᠰᠢᠨ ᠤ ᠳᠡᠭᠡᠭᠰᠢᠯᠡᠯᠳᠠ ᠶᠢ ᠲᠠᠶᠢᠴᠢᠯᠠᠵᠦ᠂ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠠ ᠶᠢ ᠠᠬᠢᠭᠤᠯᠬᠤ ᠭᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ᠂ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ᠂ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠡᠨ ᠭᠡᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠦ᠂ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠰᠤᠷᠠᠯᠳᠠ ᠦᠭᠡᠢ ᠬᠦᠨᠵᠡᠭᠡᠶᠢᠷᠡᠨ ᠪᠤᠳᠠᠳᠠᠶᠢᠵᠢᠬᠤ ᠶᠢ ᠬᠦᠴᠦᠳᠠᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ 
 ᠬᠤᠷᠠᠯ ᠠᠴᠠ 《ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠠ ᠶᠢᠨ ᠲᠦᠰᠦᠯ》 ᠪᠠ 《ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠪᠵᠢᠬᠦᠯᠭᠡ ︵2021 — 2035 ᠣᠨ︶》 ᠶᠢ ᠬᠢᠨᠡᠨ ᠵᠦᠪᠯᠡᠪᠡ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 


   :                    
   :           
备案序号:蒙ICP备05003250号 公安备案15010502000173