ᠵᠤᠬᠢᠶᠠᠭᠴᠢ:
ᠴᠠᠭ:2021-03-19
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
︽3.15︾ ᠪᠣᠯᠣᠯ᠎ᠠ ᠨᠢᠳᠤᠨᠤᠨ ᠤ ᠡᠷᠬᠡ ᠠᠰᠢᠭ ᠤᠨ ᠬᠠᠮᠠᠭᠠᠯᠠᠯᠲᠠ ᠳᠤ ᠶᠠᠮᠠᠷ ᠶᠠᠮᠠᠷ ᠠᠵᠢᠯ ᠬᠢᠭᠰᠡᠨ ᠪᠣᠯ︖
2021 3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 《3 · 15》 ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠬᠠᠮᠠᠭᠠᠯᠠᠬᠤ ᠡᠳᠦᠷ ᠢ ᠳᠤᠷᠠᠰᠬᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ 2020 ᠣᠨ ᠤ ᠮᠠᠨ ᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠ ᠬᠡᠷᠡᠭᠯᠡᠭᠡ ᠶᠢᠨ ᠡᠷᠬᠡ ᠶᠢ ᠬᠠᠮᠠᠭᠠᠯᠠᠭᠰᠠᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠡᠯᠡᠪᠡ᠃
2020 ᠣᠨ ᠳᠤ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠬᠢᠨ ᠢᠳᠡᠭᠡᠨ᠂ ᠡᠮ ᠤᠨ ᠵᠦᠢᠯ᠂ ᠣᠨᠴᠠ ᠲᠥᠷᠥᠯ ᠤᠨ ᠲᠥᠬᠦᠭᠡᠷᠦᠮᠵᠢ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠭᠡᠬᠦ 《ᠳᠥᠷᠪᠡᠨ ᠶᠡᠭᠡ ᠬᠦᠷᠢᠶ᠎ᠡ》 ᠶᠢᠨ ᠲᠣᠭᠤᠷᠢᠨ ᠳᠤ ᠠᠵᠢᠯ ᠢᠶᠠᠨ ᠥᠷᠨᠢᠭᠦᠯᠪᠡ᠃ 《ᠥᠩᠬᠦᠷᠢᠭᠦᠯ ᠮᠠᠶ᠋ᠢᠭ》 ᠤᠨ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ ᠪᠦᠬᠦ ᠵᠢᠯ ᠳᠤ 4 ᠤᠳᠠᠭᠠᠨ ᠤ 《ᠥᠩᠬᠦᠷᠢᠭᠦᠯ ᠮᠠᠶ᠋ᠢᠭ》 ᠤᠨ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠪᠡᠶᠡᠯᠡᠭᠦᠯᠵᠦ᠂ ᠨᠡᠶᠢᠳᠡ 1660 ᠠᠵᠤ ᠠᠬᠤᠶᠢᠯᠠᠯ ᠢ ᠪᠠᠶᠢᠴᠠᠭᠠᠨ᠂ 3469 ᠵᠦᠢᠯ ᠤᠨ ᠠᠰᠠᠭᠤᠳᠠᠯ ᠢ ᠢᠯᠡᠷᠡᠭᠦᠯᠵᠦ᠂ 44 ᠵᠦᠢᠯ ᠢ ᠬᠡᠷᠡᠭ ᠪᠣᠯᠭᠠᠨ ᠳᠠᠩᠰᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠳᠤ ᠴᠢᠬᠤᠯᠠ ᠦᠢᠯᠡᠳᠦᠯ ᠦᠵᠡᠭᠦᠯᠵᠡᠢ︔ ᠢᠳᠡᠭᠡᠨ ᠤ ᠠᠮᠤᠷ ᠲᠦᠪᠰᠢᠨ ᠤ ᠪᠥᠬᠦ ᠬᠡᠯᠬᠢᠶ᠎ᠡ ᠶᠢᠨ ᠬᠢᠨᠠᠨ ᠬᠠᠮᠢᠶᠠᠷᠤᠯᠲᠠ ᠶᠢ ᠴᠢᠩᠭᠠᠷᠠᠭᠤᠯᠪᠠ᠃ ᠢᠳᠡᠭᠡᠨ ᠠᠵᠤ ᠠᠬᠤᠶᠢᠯᠠᠯ ᠤᠨ ᠮᠤᠵᠢ ᠠᠯᠤᠰᠯᠠᠨ ᠬᠠᠷᠢᠯᠴᠠᠨ ᠪᠠᠶᠢᠴᠠᠭᠠᠬᠤ ᠶᠢ ᠰᠢᠨᠡᠴᠢᠯᠡᠨ ᠥᠷᠨᠢᠭᠦᠯᠵᠦ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ 《ᠢᠳᠡᠭᠡᠨ ᠤ ᠵᠦᠢᠯ ᠤᠨ ᠠᠮᠤᠷ ᠲᠦᠪᠰᠢᠨ ᠢ ᠢᠯᠡ ᠪᠣᠯᠭᠠᠬᠤ ᠠᠮᠠᠯᠠᠯᠲᠠ》᠂ ᠵᠢᠵᠢᠭ ᠦᠢᠯᠡᠳᠬᠡᠯ ᠤᠨ ᠭᠠᠵᠠᠷ ᠤᠨ ᠳᠡᠩᠰᠡᠯᠡᠯᠲᠡ᠂ ᠠᠵᠤ ᠠᠬᠤᠶᠢᠯᠠᠯ ᠤᠨ ᠠᠮᠤᠷ ᠲᠦᠪᠰᠢᠨ ᠤ ᠠᠵᠢᠯᠲᠠᠨ ᠤ ᠰᠢᠯᠭᠠᠨ ᠬᠢᠨᠠᠯᠲᠠ ᠭᠡᠬᠦ ᠭᠤᠷᠪᠠᠨ 100% ᠶᠢ ᠤᠷᠢᠳ ᠢᠶᠠᠷ ᠪᠡᠶᠡᠯᠡᠭᠦᠯᠬᠦ ᠶᠢ ᠠᠬᠢᠭᠤᠯᠪᠠ᠃ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭ᠎ᠠ ᠬᠡᠲᠦ ᠳᠡᠯᠭᠡᠭᠦᠷ᠂ ᠮᠠᠯᠵᠢᠬᠤ ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠷᠠᠭᠤᠯᠪᠠ᠃ ᠪᠥᠬᠦ ᠣᠷᠣᠨ ᠤ 98% ᠶᠢᠨ ᠰᠤᠷᠭᠠᠭᠤᠯᠢ ᠶᠢᠨ ᠬᠤᠭᠤᠯᠠᠨ ᠬᠡᠷ ᠲᠤ 《ᠲᠣᠭᠤᠭᠠᠨ ᠬᠡᠷ ᠢ ᠢᠯᠡ ᠪᠣᠯᠭᠠᠬᠤ》 ᠶᠢ ᠪᠡᠶᠡᠯᠡᠭᠦᠯᠪᠡ︔ ᠣᠨᠴᠠ ᠲᠦᠷᠦᠯ ᠤᠨ ᠲᠥᠬᠦᠭᠡᠷᠦᠮᠵᠢ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠰᠦᠯᠵᠢᠶᠡᠨ ᠳᠤ ᠨᠡᠪᠲᠡᠷᠡᠭᠦᠯᠦᠨ ᠠᠵᠢᠯᠯᠠᠭᠤᠯᠵᠤ᠂ ᠬᠢᠨᠠᠨ ᠪᠠᠶᠢᠴᠠᠭᠠᠬᠤ᠂ ᠰᠢᠯᠭᠠᠨ ᠪᠠᠶᠢᠴᠠᠭᠠᠬᠤ ᠵᠡᠷᠭᠡ 《ᠨᠢᠭᠡ ᠰᠦᠯᠵᠢᠶᠡᠨ ᠳᠤ ᠨᠡᠶᠢᠳᠡᠮ ᠭᠦᠢᠴᠡᠳᠭᠡᠬᠦ》 ᠶᠢ ᠪᠡᠶᠡᠯᠡᠭᠦᠯᠪᠡ᠃ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠳᠤ ᠦᠨᠡᠮᠯᠡᠯ ᠣᠯᠭᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢᠯᠡᠯ᠂ ᠭᠦᠢᠯᠭᠡᠭᠡᠨ ᠤ ᠬᠦᠷᠢᠶᠡᠨ ᠳᠠᠬᠢ 97 ᠵᠦᠢᠯ ᠤᠨ ᠦᠢᠯᠡᠳᠬᠦᠨ ᠳᠤ ᠬᠤᠯᠪᠣᠭᠳᠠᠭᠰᠠᠨ 3399 ᠠᠵᠤ ᠠᠬᠤᠶᠢᠯᠠᠯ ᠤᠨ 4850 ᠪᠥᠯᠥᠭ ᠤᠳᠠᠭ᠎ᠠ ᠳᠤ ᠲᠠᠯᠪᠢᠵᠤ ᠰᠤᠭᠤᠴᠢᠨ ᠪᠠᠶᠢᠴᠠᠭᠠᠯᠲᠠ ᠬᠢᠪᠠ︔ 《ᠢᠳᠡᠬᠦ ᠡᠮᠦᠰᠬᠦ ᠶᠠᠪᠤᠬᠤ ᠰᠠᠭᠤᠬᠤ》 ᠬᠦᠷᠢᠶᠡᠨ ᠳᠠᠬᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ᠃ 1.2 ᠲᠦᠮᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠣᠷᠭᠠᠵᠤ ᠬᠤᠷᠢᠶᠠᠭᠰᠠᠨ ᠵᠣᠭᠤᠰ 1.24 ᠳ᠋ᠦᠩᠰᠢᠭᠤᠷ ᠲᠥᠭᠦᠷᠢᠭ ᠬᠦᠷᠴᠦ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠨᠢᠭᠡ ᠪᠦᠯᠦᠭ ᠡᠵᠡᠩᠨᠡᠯᠲᠡ ᠶᠢᠨ ᠠᠰᠠᠭᠤᠳᠠᠯ ᠢ ᠰᠢᠢᠳᠪᠦᠷᠢᠯᠡᠪᠡ︔ 《ᠬᠤᠶᠠᠷ ᠦᠢᠯᠡᠳᠬᠦᠨ ᠨᠢᠭᠡ ᠮᠧᠬᠠᠨᠢᠭ》 ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ᠣᠨᠴᠠᠭᠠᠶ ᠡᠮ ᠤᠨ ᠵᠦᠢᠯ᠂ ᠬᠢᠲᠠᠳ ᠬᠡᠷᠴᠢᠮ ᠡᠮ᠂ ᠪᠠᠺᠲ᠋ᠧᠷᠢ ᠥᠬᠡᠶ ᠰᠢᠭᠢᠳᠬᠡᠬᠦ ᠴᠢᠨᠠᠷᠲᠠᠶ ᠡᠮᠴᠢᠯᠡᠭᠡᠨ ᠤ ᠪᠠᠭᠠᠵᠢ ᠬᠡᠷᠡᠭᠰᠡᠯ᠂ ᠰᠤᠯᠠ ᠬᠤᠳᠠᠯᠳᠤᠬᠤ ᠡᠮ ᠤᠨ ᠳᠡᠯᠭᠡᠭᠦᠷ ᠤᠨ ᠠᠵᠢᠯ ᠡᠷᠭᠢᠯᠡᠬᠦ ᠡᠮ ᠨᠠᠶᠢᠷᠠᠭᠴᠢ ᠶᠢᠨ 《ᠦᠨᠡᠮᠯᠡᠯ ᠡᠯᠭᠦᠬᠦ》 ᠠᠵᠢᠯᠯᠠᠭ᠎ᠠ ᠵᠢᠴᠢ 《ᠰᠦᠯᠵᠢᠶᠡᠨ ᠳᠡᠭᠡᠷ᠎ᠡ ᠲᠣᠣᠷ ᠴᠡᠭ ᠢ ᠴᠡᠪᠡᠷᠯᠡᠬᠦ᠂ ᠰᠦᠯᠵᠢᠶᠡᠨ ᠭᠠᠳᠠᠨ᠎ᠠ ᠡᠬᠢ ᠢᠷᠡᠯᠲᠡ ᠶᠢ ᠴᠡᠪᠡᠷᠯᠡᠬᠦ》 ᠰᠦᠯᠵᠢᠶ᠎ᠡ ᠪᠠᠷ ᠵᠠᠰᠠᠯ ᠴᠢᠮᠡᠭᠯᠡᠯ ᠤᠨ ᠡᠳ᠋ ᠪᠣᠷᠣᠯᠠᠭᠤᠯᠬᠤ ᠵᠡᠷᠭᠡ ᠲᠤᠰᠬᠠᠶ ᠴᠡᠭᠴᠡᠯᠡᠨ ᠭᠦᠨᠵᠡᠭᠡᠶ ᠥᠷᠨᠢᠭᠦᠯᠵᠦ᠂ 1685 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠪᠠᠷᠠᠭᠠᠨ ᠤ ᠥᠷᠲᠡᠭ 2036.8 ᠲᠦᠮᠡᠨ ᠲᠥᠭᠦᠷᠢᠭ ᠲᠤ ᠬᠥᠷᠪᠡ︔ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠰᠠᠮᠠᠭᠤᠨ ᠦᠵᠡᠭᠳᠡᠯ ᠢ ᠲᠥᠪᠯᠡᠷᠡᠭᠦᠯᠦᠨ ᠴᠡᠭᠴᠡᠯᠡᠨ ᠵᠠᠰᠠᠪᠠ᠃ ᠪᠣᠭᠤᠮᠲᠠ ᠪᠠᠷ ᠣᠷᠣᠭᠤᠯᠵᠤ ᠭᠠᠷᠭᠠᠬᠤ ᠭᠤᠭᠴᠤᠭ᠎ᠠ ᠶᠢᠨ ᠰᠦᠢᠳᠬᠡᠯ ᠳᠤ 《ᠪᠤᠴᠠᠵᠤ ᠪᠠᠶᠢᠴᠠᠭᠠᠨ ᠦᠵᠡᠬᠦ》 ᠠᠵᠢᠯ ᠢ ᠥᠷᠨᠢᠭᠦᠯᠵᠦ᠂ ᠪᠠᠩᠬᠢ᠂ ᠰᠤᠷᠭᠠᠨ ᠬᠥᠮᠦᠵᠢᠯ ᠪᠠ ᠴᠠᠬᠢᠯᠭᠠᠨ ᠬᠦᠴᠦᠨ ᠵᠡᠷᠭᠡ ᠠᠵᠢᠯ ᠤᠨ ᠬᠦᠷᠢᠶᠡᠨ ᠳᠤ ᠦᠨ᠎ᠡ ᠬᠠᠩᠰᠢ ᠶᠢᠨ ᠪᠠᠶᠢᠴᠠᠭᠠᠯᠲᠠ ᠬᠢᠵᠦ᠂ ᠡᠭᠦᠨ ᠳᠤ ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠬᠤ ᠪᠠ ᠰᠢᠪᠠᠳᠠᠨ ᠱᠠᠭᠠᠷᠳᠠᠵᠤ ᠪᠠᠶᠢᠭᠠᠳ ᠠᠵᠤ ᠠᠬᠤᠶᠢᠯᠠᠯ ᠳᠤ 22.9 ᠳ᠋ᠦᠩᠰᠢᠭᠤᠷ ᠲᠥᠭᠦᠷᠢᠭ ᠤᠨ ᠠᠰᠢᠭ ᠣᠯᠭᠤᠪᠠ᠃ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ᠂ ᠰᠦᠯᠵᠢᠶᠡᠨ ᠳᠤ ᠬᠢᠨᠠᠨ ᠬᠠᠮᠢᠶᠠᠷᠤᠯᠲᠠ ᠶᠠᠪᠤᠭᠤᠯᠬᠤ᠂ ᠵᠠᠷ ᠮᠡᠳᠡᠭᠡᠨ ᠤ ᠬᠠᠤᠯᠢ ᠶᠢ ᠬᠡᠷᠡᠭᠵᠢᠭᠦᠯᠬᠦ᠂ ᠳᠠᠮᠵᠢᠭᠤᠯᠤᠨ ᠪᠣᠷᠣᠯᠠᠭᠤᠯᠭ᠎ᠠ ᠳᠤ ᠴᠣᠬᠢᠯᠲᠠ ᠥᠭᠬᠦ᠂ ᠰᠢᠭᠤᠳ ᠪᠣᠷᠣᠯᠠᠭᠤᠯᠭ᠎ᠠ ᠶᠢ ᠵᠢᠷᠤᠮᠵᠢᠭᠤᠯᠬᠤ ᠡᠷᠴᠢᠮ ᠢ ᠴᠢᠩᠭᠠᠷᠠᠭᠤᠯᠪᠠ᠃ ᠡᠷᠡᠭᠦᠯᠵᠢᠯ ᠤᠨ ᠢᠳᠡᠭᠡᠨ ᠤ ᠠᠵᠢᠯ ᠲᠦᠷᠦᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 1454 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ︔ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠠᠵᠢᠯ ᠢ ᠭᠦᠨᠵᠡᠭᠡᠶ ᠠᠬᠢᠭᠤᠯᠪᠠ᠃ 《ᠰᠠᠷ᠎ᠠ ᠪᠣᠯᠭᠠᠨ 3.15》 ᠪᠠ 《ᠰᠠᠨᠠᠭ᠎ᠠ ᠠᠮᠤᠷ ᠬᠡᠷᠡᠭᠯᠡᠭᠡ ᠥᠪᠥᠷ ᠮᠣᠩᠭᠤᠯ ᠳᠤ ᠪᠠᠶᠢᠬᠤ》 ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠸᠠᠷ ᠤᠨ ᠬᠠᠷᠢᠴᠠᠭᠤᠯᠤᠭᠰᠠᠨ ᠲᠤᠷᠰᠢᠯᠲᠠ ᠪᠠ ᠨᠠᠰᠤᠲᠠᠶᠢᠴᠤᠳ ᠤᠨ ᠬᠡᠷᠡᠭᠯᠡᠭᠡ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠬᠥᠬᠡᠬᠤᠲᠠ ᠪᠤᠭᠤᠲᠤ ᠦᠬᠠᠢ ᠣᠷᠳᠣᠰ ᠳᠥᠷᠪᠡᠨ ᠭᠠᠵᠠᠷ ᠤᠨ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠬᠠᠮᠲᠤᠷᠠᠯᠴᠠᠭᠠᠨ ᠤ ᠬᠤᠯᠪᠣᠭ᠎ᠠ ᠶᠢᠨ ᠲᠣᠭᠲᠠᠴᠠ ᠶᠢ ᠪᠠᠶᠢᠭᠤᠯᠪᠠ᠃ 《ᠲᠠ ᠪᠢᠳᠡ ᠬᠦᠴᠦᠨ ᠢᠶᠠᠨ ᠨᠢᠭᠲᠠᠷᠠᠭᠤᠯᠵᠤ᠂ ᠬᠡᠷᠡᠭᠯᠡᠭᠡ ᠶᠢ ᠨᠡᠩ ᠬᠠᠨᠤᠮᠵᠢᠲᠠᠢ ᠪᠣᠯᠭᠠᠬᠤ》 ᠠᠵᠢᠯᠯᠠᠭ᠎ᠠ ᠶᠢ ᠰᠥᠨᠢ ᠶᠢᠨ ᠵᠠᠬ᠎ᠠ ᠳᠡᠯᠭᠡᠭᠦᠷ᠂ ᠳᠡᠯᠭᠡᠰᠢ ᠬᠤᠳᠠᠯᠳᠤᠭ᠎ᠠ᠂ ᠲᠠᠷᠢᠶᠠᠨ ᠭᠠᠵᠠᠷ ᠲᠤ ᠣᠷᠣᠭᠤᠯᠵᠤ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠠᠵᠢᠯᠯᠠᠭ᠎ᠠ ᠪᠠᠷ ᠬᠥᠮᠦᠰ ᠤᠨ ᠰᠡᠳᠬᠢᠯ ᠶᠢ ᠨᠡᠩ ᠳᠤᠯᠠᠭᠠᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠢᠳᠡᠪᠬᠢᠲᠡᠶ ᠠᠬᠢᠭᠤᠯᠤᠭᠰᠠᠨ᠂ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ ᠪᠠᠶᠢᠭ᠎ᠠ 《ᠪᠢᠴᠢᠬᠠᠨ ᠠᠬ᠎ᠠ ᠭᠠᠳᠠᠭᠰᠢ ᠶᠠᠪᠤᠬᠤ》 ᠨᠡᠶᠢᠲᠡ ᠶᠢᠨ ᠠᠰᠠᠷᠠᠮᠵᠢ ᠶᠢᠨ ᠵᠠᠷᠭᠤᠯᠳᠤᠭᠠᠨ ᠳᠤ ᠨᠢᠭᠡᠨᠲᠡ ᠢᠯᠠᠯᠲᠠ ᠣᠯᠵᠤ᠂ ᠣᠳᠣᠬᠠᠨ ᠳᠤ ᠨᠢᠭᠡᠨᠲᠡ ᠲᠥᠯᠥᠪᠦᠷᠢ ᠨᠡᠬᠡᠬᠦ᠂ ᠲᠥᠯᠥᠵᠥ ᠥᠭᠬᠦ ᠱᠠᠲᠤᠨ ᠳᠤ ᠤᠷᠤᠭᠰᠠᠨ ᠪᠠᠶᠢᠨ᠎ᠠ᠃ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠡᠮᠬᠢᠯᠡᠨ ᠨᠡᠶᠢᠯᠡᠭᠦᠯᠵᠦ᠂ 《ᠲᠠᠪᠤᠨ ᠱᠤᠭᠤᠮ ᠢ ᠨᠢᠭᠡᠳᠬᠡᠬᠦ᠂ ᠨᠢᠭᠡ ᠱᠣᠭᠤᠮ ᠢᠶᠠᠷ ᠭᠥᠯᠢᠶᠡᠨ ᠠᠪᠴᠤ ᠰᠢᠢᠳᠪᠦᠷᠢᠯᠡᠬᠦ》 ᠶᠢ ᠬᠡᠷᠡᠭᠵᠢᠭᠦᠯᠦᠨ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠬᠢᠨ ᠠᠰᠠᠭᠤᠨ ᠯᠠᠪᠯᠠᠭᠰᠠᠨ᠂ ᠵᠠᠭᠠᠯᠳᠤᠯᠭ᠎ᠠ ᠬᠢᠭᠰᠡᠨ᠂ ᠢᠯᠡᠴᠢᠯᠡᠨ ᠮᠡᠳᠡᠭᠦᠯᠦᠭᠰᠡᠨ 26.2 ᠲᠦᠮᠡᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ ᠨᠡᠶᠢᠲᠡ 8.2 ᠲᠦᠮᠡᠨ ᠬᠡᠷᠡᠭᠯᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠵᠦ᠂ ᠬᠡᠷᠡᠭᠯᠡᠭᠴᠢᠳ ᠲᠤ 7951.3 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃