ᠵᠤᠬᠢᠶᠠᠭᠴᠢ:
ᠴᠠᠭ:2021-03-26
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠶᠢ ᠪᠡᠭᠡᠵᠢᠩ ᠳᠤ ᠨᠡᠶᠢᠲᠡᠯᠡᠪᠡ ᠪᠦ᠋ ᠰᠢᠶᠣᠣ ᠯᠢᠨ ᠣᠷᠣᠯᠴᠠᠪᠠ
2021 ᠣᠨ ᠤ 3 ᠳ᠋ᠤᠭᠠᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠵᠢᠭᠠᠯᠲᠠ ᠲᠤᠭ᠎ᠠ ᠶᠢ ᠪᠡᠭᠡᠵᠢᠩ ᠳᠤ ᠨᠡᠶᠢᠲᠡᠯᠡᠪᠡ᠃ ᠲᠣᠰ ᠵᠢᠭᠠᠯᠲᠠ ᠲᠤᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠤ ᠪᠤᠳᠠᠭ᠎ᠠ ᠪᠠ ᠡᠳ᠋ ᠨᠥᠭᠡᠴᠡᠯᠡᠬᠦ ᠲᠣᠪᠴᠢᠶ᠎ᠠ ᠠᠴᠠ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶ᠎ᠠ ᠲᠠᠢ ᠬᠠᠮᠲᠤᠷᠠᠨ ᠨᠠᠶᠢᠷᠠᠭᠤᠯᠤᠨ ᠳᠤᠭᠳᠠᠭᠠᠵᠤ᠂ ᠪᠥᠬᠦ ᠤᠯᠤᠰ ᠤᠨ ᠠᠩᠬᠠᠳᠠᠭᠴᠢ ᠠᠮᠤ ᠪᠤᠳᠠᠭᠠᠨ ᠤ ᠬᠥᠭᠵᠢᠯᠲᠡ ᠶᠢ ᠶᠡᠷᠦᠩᠬᠡᠶᠢᠯᠡᠨ ᠦᠨᠡᠯᠡᠭᠰᠡᠨ ᠵᠢᠭᠠᠯᠲᠠ ᠲᠤᠭ᠎ᠠ ᠪᠣᠯᠤᠨ᠎ᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠰᠢᠨᠬᠤᠸᠠ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠬᠥᠩ ᠰᠢ ᠰᠢᠶᠠᠩ᠂ ᠤᠯᠤᠰ ᠤᠨ ᠠᠮᠤ ᠪᠤᠳᠠᠭ᠎ᠠ ᠪᠠ ᠡᠳ᠋ ᠨᠥᠭᠡᠴᠡᠯᠡᠬᠦ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠢᠶᠠ ᠴᠢᠶᠠᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠶ ᠠᠷᠠᠯᠵᠢᠶᠠᠨ ᠤ ᠵᠤᠷᠭᠠᠨ ᠤ ᠳᠡᠳ᠋ ᠳᠠᠷᠤᠭ᠎ᠠ ᠵᠠᠩ ᠵᠢᠶᠠᠩ ᠪᠥᠸᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ ᠶᠤᠰᠤᠯᠠᠯ ᠢ ᠬᠠᠮᠲᠤ ᠪᠠᠷ ᠡᠬᠢᠯᠡᠭᠦᠯᠪᠡ᠃
ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶ᠎ᠠ ᠶᠢᠨ ᠵᠢᠭᠠᠯᠳᠠ ᠳᠤᠭ᠎ᠠ ᠰᠤᠳᠤᠯᠤᠭᠴᠢ ᠰᠦᠨ ᠷᠦᠢ ᠵᠢᠤᠸᠠᠨ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠪᠠ᠃ ᠵᠢᠭᠠᠯᠲᠠ ᠲᠤᠭ᠎ᠠ ᠨᠢ 2015 ᠣᠨ ᠠᠴᠠ 2019 ᠤᠨ ᠪᠣᠯᠲᠠᠯᠠᠬᠢ ᠬᠤᠭᠤᠴᠠᠭ᠎ᠠ ᠶᠢ ᠠᠵᠢᠡᠡᠯᠠᠬᠤ ᠬᠤᠭᠤᠴᠠᠭ᠎ᠠ ᠪᠣᠯᠭᠠᠵᠤ᠂ ᠰᠢᠯᠭᠠᠵᠤ ᠪᠣᠯᠬᠤ ᠪᠠᠶᠢᠴᠠᠭᠠᠵᠤ ᠪᠣᠯᠬᠤ ᠪᠣᠳᠠᠲᠠᠶ ᠲᠤᠭ᠎ᠠ ᠪᠠᠷᠢᠮᠲᠠ ᠶᠢ ᠬᠡᠷᠡᠭᠯᠡᠵᠦ᠂ ᠣᠯᠠᠨ ᠡᠭᠡᠯᠵᠢ ᠶᠢᠨ ᠲᠤᠰᠬᠠᠶ ᠮᠡᠷᠭᠡᠵᠢᠯᠲᠡᠨ ᠠᠴᠠ ᠰᠠᠨᠠᠯ ᠬᠤᠷᠢᠶᠠᠬᠤ ᠪᠤᠯᠤᠨ ᠲᠤᠰᠬᠠᠶ ᠮᠡᠷᠭᠡᠵᠢᠯᠲᠡᠨ ᠤ ᠵᠥᠪᠯᠡᠯ ᠠᠴᠠ ᠰᠤᠳᠤᠯᠤᠨ ᠶᠠᠷᠢᠯᠴᠠᠵᠤ ᠨᠤᠲᠠᠯᠠᠬᠤ ᠪᠠᠷ ᠳᠠᠮᠵᠢᠨ᠂ ᠠᠮᠤ ᠪᠤᠳᠠᠭᠠᠨ ᠤ ᠦᠢᠯᠡᠳᠪᠦᠷᠢᠯᠡᠯ᠂ ᠬᠥᠮᠥᠷᠭᠡᠯᠡᠨ ᠬᠠᠳᠠᠭᠠᠯᠠᠬᠤ ᠪᠠ ᠭᠦᠢᠯᠭᠡᠭᠡ᠂ ᠠᠮᠤ ᠪᠤᠳᠠᠭ᠎ᠠ ᠡᠳ᠋ᠰᠢᠭᠦᠯᠬᠦ᠂ ᠠᠮᠤ ᠪᠤᠳᠠᠭᠠᠨ ᠤ ᠬᠤᠳᠠᠯᠳᠤᠭ᠎ᠠ ᠪᠤᠷᠤᠯᠠᠭᠤᠯᠭ᠎ᠠ᠂ ᠪᠠᠴᠢᠮ ᠪᠠᠶᠢᠳᠠᠯ ᠢ ᠴᠢᠳᠠᠪᠤᠷᠢ᠂ ᠶᠡᠷᠦᠩᠬᠡᠶᠢᠯᠡᠭᠰᠡᠨ ᠪᠠᠲᠤᠯᠠᠭ᠎ᠠ ᠵᠡᠷᠭᠡ ᠵᠢᠷᠭᠤᠭᠠᠨ ᠲᠠᠯ᠎ᠠ ᠠᠴᠠ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ ᠪᠠᠶᠢᠳᠠᠯ ᠢ ᠦᠨᠡᠯᠡᠨ ᠵᠢᠱᠢᠪᠡ᠃ ᠵᠢᠭᠠᠯᠲᠠ ᠲᠤᠭ᠎ᠠ ᠶᠢᠨ ᠦᠷ᠎ᠡ ᠳ᠋ᠦᠩ ᠠᠴᠠ ᠦᠵᠡᠪᠡᠯ ᠥᠪᠥᠷ ᠮᠣᠩᠭᠤᠯ ᠤᠨ ᠠᠮᠤ ᠪᠤᠳᠠᠭ᠎ᠠ ᠴᠢᠨᠠᠷ ᠰᠠᠶᠢᠲᠠᠶ ᠪᠥᠭᠡᠳ ᠲᠣᠭᠲᠠᠭᠤᠨ ᠢᠶᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢᠯᠡᠷᠡᠵᠤ ᠪᠠᠶᠢᠨ᠎ᠠ᠃ 2019 ᠣᠨ ᠳᠤ᠂ ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠨᠢ 122.97 ᠪᠠᠶᠢᠵᠤ᠂ ᠰᠠᠭᠤᠷᠢ ᠬᠤᠭᠤᠴᠠᠭ᠎ᠠ ᠪᠤᠯᠬᠤ 2015 ᠣᠨ ᠤ ᠬᠢ ᠠᠴᠠ 22.97% ᠨᠡᠮᠡᠭᠳᠡᠵᠦ᠂ ᠵᠢᠯ ᠳᠤᠮᠳᠠᠴᠢ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ 5.3% ᠳᠤ ᠬᠦᠷᠪᠠ᠃ ᠥᠪᠥᠷ ᠮᠣᠩᠭᠤᠯ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠠᠮᠤ ᠪᠤᠳᠠᠭᠠᠨ ᠤ ᠠᠮᠤᠷ ᠲᠦᠪᠰᠢᠨ ᠢᠶᠠᠷ ᠰᠠᠭᠤᠷᠢ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠶᠢ ᠤᠷᠢᠳ ᠢᠶᠠᠷ ᠪᠣᠳᠣᠯᠬᠢᠯᠠᠨ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠥᠪᠥᠷ ᠮᠣᠩᠭᠤᠯ ᠤᠨ ᠭᠡᠬᠦ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠰᠦᠪᠡᠭᠴᠢᠯᠡᠨ ᠤᠯᠵᠤ᠂ ᠪᠥᠬᠦ ᠤᠯᠤᠰ ᠤᠨ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠪᠣᠯᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠴᠢᠬᠤᠯᠠ ᠬᠤᠪᠢ ᠨᠡᠮᠡᠷᠢ ᠦᠵᠡᠭᠦᠯᠪᠡ᠃