ᠵᠤᠬᠢᠶᠠᠭᠴᠢ:
ᠴᠠᠭ:2021-05-14
ᠥᠵᠡᠭᠰᠡᠨ : ℃
ᠢᠷᠡᠯᠲᠡ: ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠠᠴᠠ ᠦᠵᠡᠪᠡᠯ᠄ ᠥᠪᠥᠷ ᠮᠣᠩᠭᠤᠯ ᠳᠤ ᠪᠠᠶᠢᠩᠭᠤ ᠰᠠᠭᠤᠭ᠎ᠠ ᠬᠥᠮᠦᠨ ᠠᠮᠠ 2404.9 ᠲᠦᠮᠡ ᠪᠠᠶᠢᠨ᠎ᠠ
ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2021 5 ᠳ᠋ᠤᠭᠠᠷ ᠰᠠᠷ᠎ᠠ ᠶᠢᠨ 11 ᠤ ᠡᠳᠦᠷ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠨᠡᠶᠢᠲᠡᠯᠡᠪᠡ᠃ ᠠᠯᠪᠠᠨ ᠮᠡᠳᠡᠭᠡ ᠠᠴᠠ ᠦᠵᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 24049155᠂ ᠪᠥᠬᠦ ᠤᠯᠤᠰ ᠤᠨ ᠬᠥᠮᠦᠨ ᠠᠮᠠ ᠳᠠᠬᠢ ᠡᠵᠡᠯᠡᠬᠦ ᠬᠤᠪᠢ ᠶᠢᠨ ᠵᠢᠩ ᠨᠢ 1.70% ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠲᠠᠢ ᠬᠠᠷᠢᠴᠠᠭᠤᠯᠪᠠᠯ᠂ ᠬᠤᠪᠢ ᠶᠢᠨ ᠵᠢᠩ ᠨᠢ 0.14 ᠵᠠᠭᠤᠨ ᠤ ᠴᠡᠭ ᠪᠠᠭᠤᠷᠠᠵᠠᠢ᠃
ᠬᠥᠮᠦᠨ ᠠᠮᠠ ᠶᠢᠨ ᠬᠦᠶᠰᠦ ᠶᠢᠨ ᠢᠯᠭᠠᠯ ᠤᠨ ᠠᠴᠠ ᠦᠵᠡᠪᠡᠯ᠂ ᠥᠪᠥᠷ ᠮᠣᠩᠭᠤᠯ ᠤᠨ ᠬᠥᠮᠦᠨ ᠠᠮᠠ ᠶᠢᠨ ᠳᠣᠲᠣᠷ᠎ᠠ ᠡᠷᠡᠭᠲᠡᠶ 51.04% ᠶᠢ ᠡᠵᠡᠯᠡᠵᠦ᠂ ᠡᠮᠡᠭᠲᠡᠶ 48.96% ᠶᠢ ᠡᠵᠡᠯᠡᠵᠦ ᠪᠠᠶᠢᠨ᠎ᠠ᠃ ᠬᠥᠮᠦᠨ ᠠᠮᠠ ᠶᠢᠨ ᠨᠠᠰᠤᠨ ᠤ ᠠᠴᠠ ᠦᠵᠡᠪᠡᠯ᠂ ᠪᠦᠬᠦ ᠣᠷᠣᠨ ᠤ 0 ᠠᠴᠠ 14 ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ 14.04%᠂ 15 ᠠᠴᠠ 59 ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ 66.17%᠂ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ 19.78% ᠪᠣᠯᠤᠨ᠎ᠠ᠃ ᠬᠥᠮᠦᠨ ᠠᠮᠠ ᠶᠢᠨ ᠰᠤᠷᠭᠠᠨ ᠬᠥᠮᠦᠵᠢᠯ ᠬᠦᠷᠲᠡᠭᠰᠡᠨ ᠪᠠᠶᠢᠳᠠᠯ ᠠᠴᠠ ᠦᠵᠡᠪᠡᠯ᠂ ᠪᠦᠬᠦ ᠣᠷᠣᠨ ᠤ 10 ᠲᠦᠮᠡᠨ ᠬᠥᠮᠦᠨ ᠨᠢᠭᠡᠪᠦᠷᠢ ᠶᠢᠨ ᠳᠣᠲᠣᠷ᠎ᠠ᠂ ᠶᠡᠭᠡ ᠰᠤᠷᠭᠠᠭᠤᠯᠢ ︵ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢ︶ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 18688᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠲᠤᠰᠬᠠᠶ ᠮᠡᠷᠭᠡᠵᠢᠯ ᠢ ᠪᠠᠭᠲᠠᠭᠠᠨ᠎ᠠ︶ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 14814᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 33861 ᠪᠠᠶᠢᠵᠤ᠂ ᠪᠠᠭ᠎ᠠ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 23627 ᠪᠤᠶ᠃
ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠮᠠᠨ ᠤ ᠣᠷᠣᠨ ᠤ 15 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠣᠨ ᠵᠢᠯ ᠨᠢ 9.22 ᠵᠢᠯ ᠪᠠᠶᠢᠭᠰᠠᠨ ᠠᠴᠠ ᠪᠠᠨ 10.08 ᠵᠢᠯ ᠪᠣᠯᠵᠤ ᠳᠡᠭᠡᠭᠰᠢᠯᠡᠭᠰᠡᠨ ᠪᠠᠶᠢᠨ᠎ᠠ᠃