ᠵᠤᠬᠢᠶᠠᠭᠴᠢ: 
							ᠴᠠᠭ:2021-05-03
							ᠥᠵᠡᠭᠰᠡᠨ :  ℃
                                                        ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶᠠ
						
						
							 ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ  ᠢ 5  ᠰᠠᠷᠠ ᠶᠢᠨ 1 ᠡᠳᠦᠷ ᠡᠬᠢᠯᠡᠨ 						
						
						  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ  ᠢ 2021 ᠣᠨ ᠤ 5  ᠰᠠᠷᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ  ᠢ 2021 ᠣᠨ ᠤ 1 ᠳ᠋ᠣᠭᠡᠷ ᠰᠠᠷᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠪᠠᠲᠤᠯᠠᠪᠠ᠃  ᠳᠦᠷᠢᠮ  ᠳᠤ᠂ ᠶᠡᠷᠦᠩᠬᠡᠶ ᠲᠦᠷᠢᠮ᠂ ᠳᠤᠮᠳᠠᠳᠤ ᠶᠢᠨ ᠰᠣᠶᠣᠯ ᠤᠨ ᠬᠠᠮᠲᠤ ᠶᠢᠨ ᠲᠠᠨᠢᠯᠲᠠ ᠪᠠ ᠰᠣᠶᠣᠯ ᠤᠨ ᠤᠯᠠᠮᠵᠢᠯᠠᠯ ᠢ ᠠᠬᠢᠭᠤᠯᠬᠤ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ᠂ ᠨᠡᠶᠢᠭᠡᠮ ᠤᠨ ᠬᠠᠮᠵᠢᠯᠴᠠᠭᠠ᠂ ᠪᠠᠲᠤᠯᠠᠭᠠ ᠪᠠ ᠬᠢᠨᠠᠯᠲᠠ᠂ ᠬᠠᠤᠯᠢ ᠴᠠᠭᠠᠵᠠ ᠶᠢᠨ ᠬᠠᠷᠢᠭᠤᠴᠠᠯᠭᠠ ᠶᠢ ᠴᠢᠩᠭᠠᠳᠬᠠᠬᠤ᠂ ᠳᠠᠭᠠᠯᠳᠤᠭᠤᠯᠤᠯ ᠲᠦᠷᠢᠮ ᠵᠡᠷᠭᠡ 8 ᠪᠦᠯᠦᠭ ᠬᠤᠪᠢᠶᠠᠵᠣ᠂ ᠨᠡᠶᠢᠲᠡ 70 ᠵᠦᠢᠯ ᠢᠶᠠᠷ     ᠮᠠᠨ ᠤ ᠣᠷᠣᠨ ᠤ ᠠᠩᠬᠠᠳᠠᠭᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨᠠ᠃
 ᠲᠣᠰ  ᠲᠦᠷᠢᠮ  ᠨᠢ ᠨᠠᠮ ᠤᠨ ᠦᠨᠳᠦᠰᠦᠲᠡᠨ ᠤ ᠠᠵᠢᠯ ᠤᠨ ᠰᠢᠨᠡ ᠶᠢ ᠡᠭᠦᠳᠦᠭᠰᠡᠨ ᠣᠨᠣᠯ ᠤᠨ ᠱᠠᠭᠠᠷᠳᠠᠯᠭᠠ ᠶᠢ ᠪᠥᠬᠦ ᠲᠠᠯᠠ ᠪᠠᠷ ᠰᠢᠰᠲ᠋ᠧᠮ ᠲᠠᠢ ᠭᠦᠨᠵᠡᠭᠡᠶ ᠂ ᠠᠷᠠᠳᠴᠢᠯᠠᠯ ᠢ ᠥᠷᠭᠡᠨ ᠢᠶᠠᠷ ᠪᠠᠳᠠᠷᠠᠭᠤᠯᠤᠨ᠂ ᠨᠠᠮ ᠤᠨ ᠤᠳᠤᠷᠢᠳᠤᠯᠭᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠣᠶᠣᠨ ᠰᠠᠨᠠᠭᠠ ᠪᠠ ᠦᠨᠳᠦᠰᠦᠨ ᠠᠰᠢᠭ ᠲᠤᠰᠠ ᠶᠢ ᠢᠯᠡᠷᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠢ ᠠᠬᠢᠭᠤᠯᠬᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶᠡ ᠵᠣᠬᠢᠴᠠᠩᠭᠤᠶ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭᠠ ᠶᠢ ᠪᠠᠬᠢᠵᠢᠭᠦᠯᠦᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ ᠲᠠᠢ᠃