ᠵᠤᠬᠢᠶᠠᠭᠴᠢ:
ᠴᠠᠭ:2021-05-17
ᠥᠵᠡᠭᠰᠡᠨ : ℃
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠦᠪᠦᠷ ᠮᠤᠩᠭᠤᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠦᠮᠡᠨ ᠲᠥᠭᠦᠷᠢᠭ ᠠᠴᠠ ᠳᠣᠷᠤᠭᠰᠢᠬᠢ ᠵᠠᠷᠣᠳᠠᠯ ᠤᠨ ᠲᠠᠩᠰᠠᠨ ᠠᠴᠠ ᠲᠠᠶᠢᠯᠬᠤ ᠬᠠᠷᠢᠴᠠᠯ ᠢ 40% ᠪᠣᠯᠭᠠᠨ ᠳᠡᠭᠡᠭᠰᠢᠯᠡᠭᠦᠯᠪᠡ
2021 5 ᠰᠠᠷ᠎ᠠ ᠶᠢᠨ 17 ᠦᠳᠡ ᠶᠢᠨ ᠡᠮᠤᠨ᠎ᠠ ᠬᠤᠷᠠᠯᠳᠣᠭᠰᠠᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠰᠤᠨᠢᠨ ᠮᠡᠳᠡᠭᠡ ᠨᠠᠶᠢᠳᠡᠯᠡᠬᠦ ᠬᠤᠷᠠᠯ ᠠᠴᠠ ᠣᠢᠢᠯᠠᠭᠠᠭᠰᠠᠨ ᠢᠶᠠᠷ᠂ ᠦᠪᠦᠷ ᠮᠤᠩᠭᠤᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠦᠮᠡᠨ ᠲᠥᠭᠦᠷᠢᠭ ᠠᠴᠠ ᠳᠣᠷᠤᠭᠰᠢᠬᠢ ᠵᠠᠷᠣᠳᠠᠯ ᠤᠨ ᠲᠠᠩᠰᠠᠨ ᠠᠴᠠ ᠲᠠᠶᠢᠯᠬᠤ ᠬᠠᠷᠢᠴᠠᠯ ᠢ 30% ᠪᠠᠶᠢᠭᠰᠠᠨ ᠠᠴᠠ ᠨᠢ 40% ᠪᠣᠯᠭᠠᠨ ᠳᠡᠭᠡᠭᠰᠢᠯᠡᠭᠦᠯᠪᠡ᠃
ᠲᠠᠨᠢᠯᠴᠠᠭᠤᠯᠣᠭᠰᠠᠨ ᠢᠶᠠᠷ᠂ ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠪᠠᠶᠢᠭᠤᠯᠤᠭᠳᠠᠭᠰᠠᠨ ᠬᠤᠶᠠᠷ ᠵᠢᠯ ᠤᠨ ᠲᠤᠷᠰᠢ᠂ ᠨᠡᠶᠢᠳᠡᠮ ᠬᠠᠷᠠᠭᠠᠯᠵᠠᠬᠤ ᠬᠠᠷᠢᠯᠴᠠᠨ ᠬᠠᠪᠰᠤᠷᠤᠯᠴᠠᠬᠤ ᠡᠷᠡᠭᠦᠯ ᠮᠡᠨᠳᠦ ᠶᠢᠨ ᠠᠵᠢᠯ ᠤᠨ ᠣᠶᠢᠯᠠᠭᠠᠭᠳᠠᠬᠤᠨ ᠢᠶᠠᠷ᠂ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠲᠦᠪᠰᠢᠨ ᠢᠶᠠᠨ ᠪᠦᠲᠦᠮᠵᠢᠲᠡᠶ ᠳᠡᠭᠡᠭᠰᠢᠯᠡᠭᠦᠯᠵᠦ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠪᠡ᠃ ᠣᠳᠣᠬᠠᠨ ᠪᠣᠯᠳᠠᠯ᠎ᠠ 1.3 ᠲᠦᠮᠡ ᠭᠠᠷᠤᠶ ᠨᠡᠶᠢᠭᠡᠮᠯᠢᠭ ᠲᠤ ᠣᠷᠣᠵᠣ᠂ 110 ᠲᠦᠮᠡ ᠭᠠᠷᠣᠢ ᠭᠡᠰᠢᠭᠦᠨ ᠲᠠᠢ ᠪᠣᠯᠪᠠ︔ 5.4 ᠲᠦᠮᠡ ᠭᠠᠷᠤᠶ ᠬᠥᠮᠦᠨ ᠤᠳᠠᠭ᠎ᠠ ᠠᠰᠢᠭ ᠭᠥᠷᠳᠡᠵᠦ᠂ 4600 ᠭᠠᠷᠣᠢ ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ᠬᠥᠮᠦᠨ ᠳᠤᠮᠳᠠᠴᠢ ᠶᠢᠨ ᠲᠠᠩᠰᠠᠨ ᠠᠴᠠ ᠲᠠᠶᠢᠯᠤᠭᠰᠠᠨ ᠵᠣᠭᠤᠰ ᠨᠢ 1253 ᠲᠥᠭᠦᠷᠢᠭ ᠲᠤ ᠬᠦᠷᠴᠡᠶ᠃ ᠬᠠᠮᠤᠭ ᠤᠨ ᠣᠯᠠᠨ ᠭᠤᠶᠤᠴᠢᠯᠠᠭᠰᠠᠨ ᠬᠦᠮᠦᠨ ᠨᠢ 22 ᠤᠳᠠᠭ᠎ᠠ ᠭᠤᠶᠣᠴᠢᠯᠠᠵᠣ᠂ ᠲᠦᠮᠡᠨ ᠲᠦᠬᠦᠷᠢᠭ ᠠᠴᠠ ᠲᠡᠭᠡᠭᠰᠢ ᠭᠤᠶᠤᠴᠢᠯᠠᠭᠰᠠᠨ ᠬᠦᠮᠦᠨ 200 ᠬᠥᠮᠦᠨ ᠤᠳᠠᠭ᠎ᠠ ᠶᠢ ᠳᠠᠪᠠᠵᠤ᠂ ᠬᠠᠮᠤᠭ ᠤᠨ ᠥᠨᠳᠥᠷ ᠨᠢ 28 ᠲᠦᠮᠡ ᠭᠠᠷᠤᠶ ᠲᠥᠭᠦᠷᠢᠭ ᠤᠨ ᠨᠦᠬᠦᠪᠦᠷᠢ ᠣᠯᠵᠣ᠂ ᠠᠵᠢᠯᠴᠢᠨ ᠤ ᠡᠪᠯᠡᠯ ᠪᠦᠬᠦ ᠲᠠᠯ᠎ᠠ ᠪᠠᠷ ᠤᠬᠠᠭᠤᠯᠤᠨ᠂ ᠠᠵᠢᠯᠲᠠᠨ ᠠᠵᠢᠯᠴᠢᠨ ᠢᠳᠡᠪᠬᠢᠲᠡᠶ ᠣᠷᠣᠯᠴᠠᠵᠤ᠂ ᠨᠡᠶᠢᠭᠡᠮ ᠨᠡᠶᠢᠳᠡ ᠪᠦᠬᠦ ᠬᠦᠴᠤᠨ ᠢᠶᠠᠷ ᠳᠡᠮᠵᠢᠵᠦ᠂ ᠭᠡᠰᠢᠭᠦᠳ ᠥᠷᠭᠡᠨ ᠢᠶᠠᠷ ᠠᠰᠢᠭ ᠬᠦᠷᠲᠡᠭᠰᠡᠨ ᠪᠠᠶᠢᠳᠠᠯ ᠢᠯᠡᠷᠡᠵᠦ᠂ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠠᠵᠢᠯᠴᠢᠨ ᠳᠤ ᠦᠢᠯᠡᠴᠢᠯᠡᠬᠦ ᠰᠠᠶᠢᠨ ᠰᠠᠶᠢᠬᠠᠨ ᠲᠦᠷᠦᠯ ᠲᠡᠮᠳᠡᠭ ᠪᠣᠯᠵᠠᠢ᠃
ᠲᠠᠨᠢᠯᠴᠠᠭᠤᠯᠣᠭᠰᠠᠨ ᠢᠶᠠᠷ᠂ ᠡᠨᠡ ᠵᠢᠯ ᠤᠨ ᠮᠠᠨ ᠤ ᠣᠷᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ 5 ᠰᠠᠷ᠎ᠠ ᠶᠢᠨ 1 ᠤ ᠡᠳᠦᠷ ᠠᠴᠠ ᠡᠬᠢᠯᠡᠵᠦ᠂ 12 ᠰᠠᠷ᠎ᠠ ᠶᠢᠨ 10 ᠤ ᠡᠳᠦᠷ ᠳᠠᠭᠤᠰᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ᠂ 16 ᠨᠠᠰᠣᠨ ᠠᠴᠠ 60 ᠨᠠᠰᠤᠨ ᠤ ᠬᠤᠭᠤᠷᠣᠨᠳᠣᠬᠢ ᠠᠵᠢᠯ ᠤᠨ ᠪᠠᠶᠢᠷᠢ ᠳᠡᠭᠡᠷ᠎ᠡ ᠪᠠᠨ ᠪᠠᠶᠢᠭ᠎ᠠ ᠠᠵᠢᠯᠲᠠᠨ ᠠᠵᠢᠯᠴᠢᠨ ᠪᠦᠬᠦᠨ᠂ ᠬᠥᠮᠦᠨ ᠪᠦᠷᠢ ᠬᠤᠭᠤᠴᠠᠭ᠎ᠠ ᠪᠤᠯᠭᠠᠨ 100 ᠲᠥᠭᠦᠷᠢᠭ ᠤᠨ ᠬᠠᠷᠢᠯᠴᠠᠨ ᠬᠠᠪᠰᠤᠷᠤᠯᠴᠠᠬᠤ ᠮᠥᠩᠭᠦ ᠲᠤᠰᠢᠶᠠᠨ᠎ᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠡᠰᠢᠭᠦᠨ ᠪᠦᠷᠢ ᠳᠤ 10 ᠲᠥᠭᠦᠷᠢᠭ ᠤᠨ ᠨᠦᠬᠦᠪᠤᠷᠢ ᠦᠭᠴᠤ᠂ ᠬᠤᠪᠢ ᠬᠥᠮᠦᠨ 90 ᠲᠥᠭᠦᠷᠢᠭ ᠲᠤᠰᠢᠶᠠᠨ᠎ᠠ ᠃ ᠠᠵᠢᠯᠯᠠᠭ᠎ᠠ ᠨᠢ ᠬᠠᠮᠳᠤ ᠶᠢᠨ ᠭᠡᠰᠢᠭᠦᠨ ᠤ ᠲᠦᠷᠢᠮ ᠢ ᠬᠡᠷᠡᠭᠵᠢᠭᠦᠯᠵᠦ᠂ ᠠᠵᠢᠯᠯᠠᠵᠣ ᠪᠠᠶᠢᠭ᠎ᠠ ᠶᠢᠨ ᠠᠵᠢᠯᠴᠢᠨ ᠤ ᠡᠪᠯᠡᠯ ᠨᠢ ᠠᠵᠢᠯᠳᠠᠨ ᠠᠵᠢᠯᠴᠢᠨ ᠢ ᠨᠢᠭᠡᠳᠦᠯᠲᠡᠢ ᠵᠣᠬᠢᠶᠠᠨ ᠪᠠᠶᠢᠭᠤᠯᠵᠤ ᠣᠷᠣᠯᠴᠠᠭᠤᠯᠤᠨ᠎ᠠ᠂ ᠬᠤᠪᠢ ᠬᠥᠮᠦᠨ ᠤ ᠲᠤᠰᠠᠭᠠᠷ ᠢᠶᠠᠨ ᠣᠷᠣᠯᠴᠠᠬᠤ ᠶᠢ ᠬᠦᠯᠢᠶᠡᠨ ᠠᠪᠬᠤ ᠦᠭᠡᠢ᠃ ᠨᠢᠭᠡ ᠶᠢᠨ ᠠᠵᠢᠯᠯᠠᠭ᠎ᠠ ᠳᠤ ᠣᠷᠣᠯᠴᠠᠬᠤ ᠠᠵᠢᠯᠲᠠᠨ ᠠᠵᠢᠯᠴᠢᠨ ᠨᠢ ᠪᠦᠬᠦ ᠠᠵᠢᠯᠲᠠᠨ ᠠᠵᠢᠯᠴᠢᠨ ᠤ 75% ᠪᠠᠭᠲᠠᠨ᠎ᠠ ᠠᠴᠠ ᠳᠣᠣᠷ᠎ᠠ ᠪᠠᠶᠢᠵᠤ ᠪᠣᠯᠬᠤ ᠦᠭᠡᠶ᠃
ᠣᠶᠢᠯᠠᠭᠠᠭᠰᠠᠨ ᠢᠶᠠᠷ᠂ ᠲᠦᠷᠦᠭᠦᠦ ᠬᠤᠶᠠᠷ ᠵᠢᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠲᠠᠢ ᠬᠠᠷᠢᠴᠠᠭᠤᠯᠪᠠᠯ᠂ ᠡᠨᠡ ᠵᠢᠯ ᠤᠨ ᠲᠥᠷᠥ ᠶᠢᠨ ᠪᠣᠳᠣᠯᠭ᠎ᠠ ᠰᠢᠯᠢᠳᠡᠭᠵᠢᠭᠰᠡᠨ ᠪᠠᠶᠢᠨ᠎ᠠ᠃ ᠡᠨᠡ ᠵᠢᠯ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠲᠦᠮᠡᠨ ᠲᠥᠭᠦᠷᠢᠭ ᠠᠴᠠ ᠳᠣᠷᠤᠭᠰᠢᠬᠢ ᠵᠠᠷᠣᠳᠠᠯ ᠤᠨ ᠲᠠᠩᠰᠠᠨ ᠠᠴᠠ ᠲᠠᠶᠢᠯᠬᠤ ᠬᠠᠷᠢᠴᠠᠯ ᠳᠤᠤᠷ᠎ᠠ ᠪᠠᠶᠢᠭ᠎ᠠ ᠠᠰᠠᠭᠤᠳᠠᠯ ᠢ ᠠᠩᠬᠠᠷᠤᠨ ᠂ ᠲᠠᠩᠰᠠᠨ ᠠᠴᠠ ᠲᠠᠶᠢᠯᠬᠤ ᠬᠠᠷᠢᠴᠠᠯ ᠢ 30% ᠪᠠᠶᠢᠭᠰᠠᠨ ᠠᠴᠠ ᠨᠢ 40% ᠪᠣᠯᠭᠠᠨ ᠳᠡᠭᠡᠭᠰᠢᠯᠡᠭᠦᠯᠪᠠ︔ ᠠᠵᠢᠯᠳᠠᠨ ᠠᠵᠢᠯᠴᠢᠨ ᠤ ᠨᠢᠭᠡ ᠤᠳᠠᠭᠠᠨ ᠤ ᠲᠠᠩᠰᠠᠨ ᠠᠴᠠ ᠲᠠᠶᠢᠯᠬᠤ ᠵᠣᠭᠤᠰ ᠤᠨ ᠬᠡᠮᠵᠢᠶ᠎ᠡ ᠨᠢ ᠪᠠᠭ᠎ᠠ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠨ᠂ ᠡᠮᠨᠡᠯᠭᠡ ᠳᠤ ᠨᠢᠭᠡ ᠤᠳᠠᠭ᠎ᠠ ᠰᠠᠭᠤᠪᠠᠯ ᠠᠳᠠᠭ ᠲᠠᠭᠠᠨ 200 ᠲᠥᠭᠦᠷᠢᠭ ᠲᠠᠩᠰᠠᠨ ᠠᠴᠠ ᠲᠠᠶᠢᠯᠵᠣ ᠦᠭᠬᠦ ᠪᠠᠷ ᠲᠤᠭᠳᠠᠵᠠᠢ︔ ᠠᠵᠢᠯᠳᠠᠨ ᠠᠵᠢᠯᠴᠢᠨ ᠤ ᠡᠮᠨᠡᠯᠭᠡ ᠳᠤ ᠰᠠᠭᠤᠬᠤ ᠠᠮᠢᠳᠤᠷᠠᠯ ᠤᠨ ᠨᠥᠬᠦᠪᠥᠷᠢ ᠶᠢᠨ ᠠᠰᠠᠭᠤᠳᠠᠯ ᠢ ᠰᠢᠢᠳᠪᠦᠷᠢᠯᠡᠬᠦ ᠲᠠᠯ᠎ᠠ ᠠᠴᠠ ᠪᠣᠳᠣᠯᠬᠢᠯᠠᠨ᠂ ᠡᠮᠨᠡᠯᠭᠡ ᠳᠤ ᠰᠠᠭᠤᠬᠤ ᠨᠥᠬᠦᠪᠥᠷᠢ ᠶᠢᠨ ᠲᠦᠷᠢᠮ ᠳᠣᠭᠳᠠᠭᠠᠵᠣ᠂ ᠠᠩᠬ᠎ᠠ ᠨᠡᠶᠢᠭᠡᠮᠯᠢᠭ ᠲᠤ ᠣᠷᠣᠭᠰᠠᠨ ᠨᠡᠶᠢᠭᠡᠮᠯᠢᠭ ᠤᠨ ᠭᠡᠰᠢᠭᠦᠨ ᠡᠮᠨᠡᠯᠭᠡ ᠳᠤ ᠰᠠᠭᠤᠪᠠᠯ ᠡᠳᠦᠷ ᠪᠦᠷᠢ 10 ᠲᠥᠭᠦᠷᠢᠭ ᠤᠨ ᠨᠥᠬᠦᠪᠥᠷᠢ ᠦᠭᠴᠦ᠂ ᠬᠤᠶᠠᠷ ᠵᠢᠯ ᠪᠣᠯᠵᠣ ᠪᠠᠶᠢᠭ᠎ᠠ ᠨᠡᠶᠢᠭᠡᠮᠯᠢᠭ ᠤᠨ ᠭᠡᠰᠢᠭᠦᠨ ᠡᠮᠨᠡᠯᠭᠡ ᠳᠤ ᠰᠠᠭᠤᠪᠠᠯ ᠡᠳᠦᠷ ᠪᠦᠷᠢ 20 ᠲᠥᠭᠦᠷᠢᠭ ᠤᠨ ᠨᠥᠬᠦᠪᠥᠷᠢ ᠦᠭᠴᠦ᠂ ᠭᠤᠷᠪᠠᠨ ᠵᠢᠯ ᠠᠴᠠ ᠳᠡᠭᠡᠭᠰᠢᠬᠢ ᠨᠡᠶᠢᠭᠡᠮᠯᠢᠭ ᠤᠨ ᠭᠡᠰᠢᠭᠦᠨ ᠡᠮᠨᠡᠯᠭᠡ ᠳᠤ ᠰᠠᠭᠤᠪᠠᠯ ᠡᠳᠦᠷ ᠪᠦᠷᠢ 30 ᠲᠥᠭᠦᠷᠢᠭ ᠤᠨ ᠨᠥᠬᠦᠪᠥᠷᠢ ᠦᠭᠬᠦ ᠪᠠᠷ ᠳᠣᠭᠳᠠᠵᠠᠢ᠃ ᠪᠠᠶᠢᠭᠤᠯᠭ᠎ᠠ ᠶᠢᠨ ᠨᠡᠶᠢᠭᠡᠮᠯᠢᠭ ᠲᠤ ᠣᠷᠣᠯᠴᠠᠬᠤ ᠬᠠᠷᠢᠴᠠᠯ ᠤᠨ ᠱᠠᠭᠠᠷᠳᠠᠯᠭ᠎ᠠ ᠥᠨᠳᠥᠷ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠣ᠂ ᠣᠷᠣᠯᠴᠠᠬᠤ ᠬᠠᠷᠢᠴᠠᠯ ᠢ 80% ᠠᠴᠠ 75% ᠪᠣᠯᠭᠠᠨ ᠪᠠᠭᠤᠷᠠᠭᠤᠯᠪᠠ᠃