ᠵᠤᠬᠢᠶᠠᠭᠴᠢ: ᠴᠠᠭ:2021-06-25 ᠥᠵᠡᠭᠰᠡᠨ : ᠢᠷᠡᠯᠲᠡ: ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠰᠦᠯᠵᠢᠶ᠎ᠡ
ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠨᠡ ᠵᠢᠯ ᠠᠴᠠ ᠨᠠᠰᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠨᠡᠯᠢᠶᠡᠳ ᠲᠦᠷᠭᠡᠨ ᠥᠰᠴᠦ ᠪᠠᠶᠢᠭ᠎ᠠ ᠪᠠᠶᠢᠳᠠᠯ ᠳᠤ ᠴᠢᠭᠯᠡᠭᠦᠯᠦᠨ ᠪᠣᠳᠠᠲᠠᠢ ᠪᠠᠷ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯ

ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠨᠡ ᠵᠢᠯ ᠠᠴᠠ ᠨᠠᠰᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠨᠡᠯᠢᠶᠡᠳ ᠲᠦᠷᠭᠡᠨ ᠥᠰᠴᠦ ᠪᠠᠶᠢᠭ᠎ᠠ ᠪᠠᠶᠢᠳᠠᠯ ᠳᠤ ᠴᠢᠭᠯᠡᠭᠦᠯᠦᠨ ᠪᠣᠳᠠᠲᠠᠢ ᠪᠠᠷ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠳᠤ ᠥᠭᠬᠦ ᠨᠥᠬᠦᠪᠦᠷᠢ ᠣᠯᠭᠤᠬᠤ ᠵᠡᠷᠭᠡ ᠶᠢ ᠰᠢᠢᠳᠪᠡ

ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ  2021   6  ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠨᠡ ᠵᠢᠯ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠨᠡᠯᠢᠶᠡᠳ ᠲᠦᠷᠭᠡᠨ ᠥᠰᠴᠦ ᠪᠠᠶᠢᠭ᠎ᠠ ᠪᠠᠶᠢᠳᠠᠯ ᠳᠤ ᠴᠢᠭᠯᠡᠭᠦᠯᠦᠨ ᠪᠣᠳᠠᠲᠠᠢ ᠪᠠᠷ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠳᠤ ᠨᠥᠬᠦᠪᠦᠷᠢ ᠣᠯᠭᠤᠬᠤ ᠪᠠᠷ ᠲᠣᠭᠲᠠᠪᠠ᠂ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠲᠠᠷᠢᠶᠠᠴᠢᠳ ᠤᠨ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠴᠢᠩᠭᠠᠳᠬᠠᠬᠤ ᠪᠠᠷ ᠲᠣᠭᠲᠠᠪᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠬᠡᠯ ᠢ ᠪᠠᠭᠠᠰᠬᠠᠨ ᠠᠰᠢᠭ ᠣᠯᠭᠤᠵᠤ ᠠᠵᠤ ᠠᠬᠤᠶᠢᠯᠠᠯ ᠪᠣᠯᠤᠨ ᠠᠷᠠᠳ ᠲᠤ ᠠᠰᠢᠭ ᠬᠦᠷᠲᠡᠭᠡᠬᠦ ᠶᠠᠪᠤᠳᠠᠯ ᠢ ᠤᠯᠠᠮ ᠨᠢᠭᠡ ᠠᠯᠬᠤᠮ ᠪᠠᠶᠢᠷᠢᠯᠠᠭᠤᠯᠪᠠ︔ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠪᠠᠷ ᠰᠢᠨ᠎ᠡ ᠬᠤᠲᠠ ᠶᠢᠨ ᠠᠷᠠᠳ ᠪᠠ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠢ ᠨᠠᠮᠳᠠᠭᠤᠯᠬᠤ ᠪᠠᠷ ᠲᠣᠭᠲᠠᠭᠠᠪᠠ︔ 《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠦᠨ ᠠᠮᠠ ᠪᠣᠯᠤᠨ ᠲᠥᠯᠥᠪᠯᠡᠭᠡᠲᠦ ᠬᠦᠩᠭᠡᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠲᠥᠰᠦᠯ︶》 ᠶᠢ ᠪᠠᠲᠤᠯᠠᠪᠠ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠶᠠᠯᠠᠩ ᠪᠣᠯ ᠠᠷᠠᠳ ᠤᠨ ᠰᠡᠳᠬᠢᠯ ᠢ ᠲᠣᠭᠲᠠᠪᠤᠷᠢᠵᠢᠭᠤᠯᠬᠤ ᠪᠠ ᠳᠡᠯᠡᠬᠡᠢ ᠳ᠋ᠠᠬᠢᠨ ᠢ ᠠᠮᠤᠷᠵᠢᠭᠤᠯᠬᠤ ᠦᠢᠯᠡᠰ ᠮᠥᠨ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠮᠤ ᠪᠤᠳᠠᠭᠠᠨ ᠤ ᠦᠢᠯᠡᠳᠪᠦᠷᠢᠯᠡᠯ ᠪᠠ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ  ᠦᠵᠡᠵᠦ ᠪᠠᠶᠢᠨ᠎ᠠ᠃ ᠡᠨᠡ ᠵᠢᠯ ᠤᠨ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠶᠢᠨ ᠥᠰᠥᠯᠲᠡ ᠶᠢᠨ ᠨᠥᠯᠥᠭᠡ ᠠᠴᠠ ᠪᠣᠯᠵᠤ᠂ ᠬᠢᠮᠢ ᠶᠢᠨ ᠪᠣᠷᠳᠣᠭᠤᠷ᠂ ᠴᠠᠶᠢᠶ᠋ᠢᠦ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠢᠯᠡᠳᠲᠡ ᠥᠰᠴᠦ ᠪᠤᠢ᠂ ᠣᠳᠣ ᠶᠠᠭ ᠵᠤᠨ ᠤ ᠬᠤᠷᠢᠶᠠᠯᠲᠠ ᠵᠤᠨ ᠤ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠪᠣᠯᠵᠤ ᠪᠠᠶᠢᠭ᠎ᠠ ᠪᠣᠯᠬᠤᠷ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠪᠠᠲᠤᠯᠠᠬᠤ ᠶᠢᠨ ᠲᠤᠰᠠᠳᠠ᠂ ᠬᠤᠷᠠᠯ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠳᠤᠬᠢᠷᠠᠭᠤᠯᠤᠯᠳᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠡᠮᠡᠭᠳᠡᠭᠦᠯᠬᠦ ᠶᠢᠨ ᠬᠠᠮᠲᠤ᠂ ᠮᠠᠨ ᠤ ᠤᠯᠤᠰ ᠤᠨ ᠬᠥᠭᠵᠢᠵᠦ ᠪᠠᠶᠢᠭ᠎ᠠ ᠤᠯᠤᠰ ᠪᠣᠯᠬᠤ ᠪᠣᠳᠠᠲᠤ ᠪᠠᠶᠢᠳᠠᠯ ᠳᠤ ᠰᠠᠭᠤᠷᠢᠯᠠᠨ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠶᠢᠨ ᠦᠨ᠎ᠡ ᠥᠰᠦᠭᠰᠡᠨ ᠪᠠᠶᠢᠳᠠᠯ ᠢ ᠦᠨᠳᠦᠰᠦᠯᠡᠨ᠂ ᠲᠥᠪ ᠤᠨ ᠡᠳ᠋ ᠤᠨ ᠵᠠᠰᠠᠭ 200 ᠳ᠋ᠦᠩᠰᠢᠭᠤᠷ ᠲᠥᠭᠦᠷᠢᠭ ᠣᠷᠴᠢᠮ ᠤᠨ ᠪᠡᠯᠡ ᠮᠥᠩᠭᠦ ᠲᠣᠬᠢᠷᠠᠭᠤᠯᠵᠤ᠂ ᠪᠣᠳᠠᠲᠠᠢ ᠪᠠᠷ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠳᠤ ᠨᠥᠬᠦᠪᠦᠷᠢ ᠣᠯᠭᠤᠵᠤ᠂ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠤᠨ᠎ᠠ᠃ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤ ᠨᠢ ᠭᠦᠢᠴᠡᠳ ᠣᠯᠭᠤᠵᠤ᠂ ᠲᠠᠷᠢᠶᠠᠯᠠᠬᠤ ᠴᠠᠭ ᠢ ᠰᠠᠭᠠᠲᠠᠭᠠᠵᠤ ᠪᠣᠯᠬᠤ ᠦᠭᠡᠶ ᠭᠡᠵᠦ ᠲᠣᠭᠲᠠᠭᠠᠪᠠ᠃

ᠲᠠᠷᠢᠶᠠᠴᠢᠳ ᠢ ᠬᠠᠪᠰᠤᠷᠤᠨ ᠭᠠᠢ ᠭᠠᠮᠰᠢᠭ ᠵᠡᠷᠭᠡ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠵᠤ᠂ ᠠᠮᠤ ᠪᠤᠳᠠᠭ᠎ᠠ ᠲᠠᠷᠢᠬᠰᠠᠨ ᠠᠰᠢᠭ ᠣᠷᠣᠯᠭ᠎ᠠ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠬᠤᠷᠠᠯ ᠳᠤ᠂ ᠡᠨᠡ ᠵᠢᠯ ᠪᠦᠬᠦ ᠤᠯᠤᠰ ᠤᠨ ᠠᠮᠤ ᠪᠤᠳᠠᠭᠠᠨ ᠤ ᠭᠤᠣᠯ ᠭᠠᠷᠤᠯᠲᠠ ᠶᠢᠨ 13 ᠮᠤᠵᠢ ᠶᠢᠨ ᠠᠮᠤ ᠪᠤᠳᠠᠭᠠᠨ ᠤ ᠭᠠᠷᠤᠯᠲᠠ ᠶᠢᠨ 500 ᠲᠤᠮᠤ ᠰᠢᠶᠠᠨ ᠳᠤ ᠲᠤᠲᠤᠷᠭ᠎ᠠ᠂ ᠪᠤᠭᠤᠳᠠᠢ ᠲᠠᠷᠢᠬᠤ ᠪᠦᠷᠢᠨ ᠥᠪᠡᠷ ᠤᠨ ᠦᠷᠳᠡᠭ ᠤᠨ ᠳᠠᠭᠠᠳᠬᠠᠯ ᠢ ᠬᠡᠷᠡᠭᠵᠢᠭᠦᠯᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ ᠵᠡᠷᠭᠡ ᠰᠢᠭᠤᠳ ᠪᠣᠳᠠᠰᠵᠢᠭᠤᠯᠤᠭᠰᠠᠨ ᠥᠪᠡᠷ ᠤᠨ ᠦᠷᠳᠡᠭ ᠪᠠ ᠭᠠᠵᠠᠷ ᠰᠢᠷᠣᠢ᠂ ᠬᠥᠮᠦᠨ ᠤ ᠬᠦᠴᠦᠨ ᠤ ᠥᠪᠡᠷ ᠤᠨ ᠦᠷᠳᠡᠭ ᠢ ᠬᠠᠮᠤᠷᠤᠭᠤᠯᠵᠤ᠂ ᠪᠠᠶᠢᠭᠠᠯᠢ ᠶᠢᠨ ᠭᠠᠮᠰᠢᠭ᠂ ᠡᠪᠡᠳᠴᠢᠨ ᠬᠣᠲᠤᠬᠠᠢᠳᠤᠯ ᠵᠡᠷᠭᠡ ᠠᠴᠠ ᠪᠣᠯᠤᠭᠰᠠᠨ ᠬᠤᠬᠢᠷᠠᠯ ᠢ ᠨᠥᠬᠦᠪᠦᠷᠢᠯᠡᠨ᠎ᠡ︔ ᠡᠷᠳᠡᠨᠢ ᠰᠢᠰᠢ ᠶᠢᠨ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠦᠨ᠎ᠡ ᠬᠠᠩᠰᠢ᠂ ᠤᠨᠠᠯᠲᠠ ᠶᠢᠨ ᠬᠡᠯᠪᠡᠯᠵᠡᠯ ᠠᠴᠠ ᠪᠣᠯᠤᠭᠰᠠᠨ ᠬᠤᠬᠢᠷᠠᠯ ᠢ ᠨᠥᠬᠦᠪᠦᠷᠢᠯᠡᠨ᠎ᠡ᠃ ᠬᠤᠶᠠᠷ ᠵᠦᠢᠯ ᠤᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠬᠠᠮᠤᠭ ᠤᠨ ᠥᠨᠳᠥᠷ ᠲᠤ ᠪᠠᠨ ᠬᠠᠷᠠᠭᠠᠯᠵᠠᠭᠰᠠᠨ ᠲᠥᠷᠥᠯ ᠵᠦᠢᠯ ᠤᠨ ᠲᠠᠷᠢᠮᠠᠯ ᠤᠨ ᠣᠷᠣᠯᠭ᠎ᠠ ᠶᠢᠨ 80% ᠳᠤ ᠬᠦᠷᠦᠭᠦᠯᠵᠦ᠂ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠡᠯᠡ ᠪᠠᠨ ᠪᠠᠲᠤᠯᠠᠵᠤ ᠪᠠᠭ᠎ᠠ ᠣᠯᠵᠠ ᠣᠯᠬᠤ ᠵᠠᠷᠴᠢᠮ ᠢᠶᠠᠷ ᠲᠣᠭᠲᠠᠭᠠᠨ᠎ᠠ᠃ ᠢᠷᠡᠬᠦ ᠵᠢᠯ ᠭᠤᠣᠯ ᠭᠠᠷᠤᠯᠲᠠ ᠶᠢᠨ ᠮᠤᠵᠢ ᠶᠢᠨ ᠠᠮᠤ ᠪᠤᠳᠠᠭᠠᠨ ᠤ ᠭᠠᠷᠤᠯᠲᠠ ᠶᠢᠨ ᠲᠤᠮᠤ ᠰᠢᠶᠠᠨ ᠪᠦᠬᠦᠨ ᠳᠤ ᠳᠡᠯᠭᠡᠷᠡᠭᠦᠯᠦᠨ᠎ᠡ᠃ ᠳᠠᠭᠠᠳᠬᠠᠯ ᠤᠨ ᠰᠦᠢᠳᠬᠡᠯ ᠤᠨ ᠡᠳ᠋ ᠤᠨ ᠵᠠᠰᠠᠭ ᠤᠨ ᠨᠥᠬᠦᠪᠥᠷᠢ ᠶᠢ ᠨᠡᠮᠡᠭᠳᠡᠭᠦᠯᠵᠦ᠂ ᠡᠭᠦᠨ ᠳᠤ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢ 25% ᠠᠴᠠ ᠳᠣᠣᠷ᠎ᠠ ᠪᠠᠶᠢᠯᠭᠠᠬᠤ ᠦᠭᠡᠢ᠂ ᠲᠥᠪ ᠤᠨ ᠡᠳ᠋ ᠤᠨ ᠵᠠᠰᠠᠭ ᠳᠤᠮᠳᠠ ᠪᠠᠷᠠᠭᠤᠨ ᠬᠡᠰᠡᠭ ᠵᠢᠴᠢ ᠵᠡᠭᠦᠨ ᠬᠤᠶᠢᠲᠤ ᠣᠷᠣᠨ ᠳᠤ 45% ᠶᠢᠨ ᠨᠥᠬᠦᠪᠦᠷᠢ ᠣᠯᠭᠤᠨ᠎ᠠ ᠭᠡᠵᠦ ᠲᠣᠭᠲᠠᠭᠠᠪᠠ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠳᠤᠨᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠬᠡᠯ ᠢ ᠪᠠᠭᠠᠰᠬᠠᠵᠤ ᠠᠰᠢᠭ ᠣᠯᠭᠤᠭᠰᠠᠨ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ  ᠰᠢᠢᠳᠪᠦᠷᠢᠯᠡᠵᠦ ᠬᠥᠭᠵᠢᠯᠲᠡ ᠪᠠᠨ ᠪᠠᠲᠤᠯᠠᠬᠤ ᠶᠢ ᠪᠦᠲᠦᠮᠵᠢᠲᠡᠢ ᠳᠡᠮᠵᠢᠵᠡᠢ᠃ ᠡᠨᠡ ᠵᠢᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ 6 ᠲᠠᠯ᠎ᠠ ᠶᠢᠨ ᠰᠦᠢᠳᠬᠡᠯ ᠢ ᠪᠠᠭᠠᠰᠬᠠᠬᠤ ᠠᠷᠭ᠎ᠠ ᠬᠡᠮᠵᠢᠶ᠎ᠡ ᠠᠪᠴᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠥᠪᠡᠷ ᠤᠨ ᠦᠷᠲᠡᠭ ᠢ ᠨᠢ ᠪᠠᠭᠤᠷᠠᠭᠤᠯᠵᠤ᠂   ᠥᠷᠭᠡᠨ ᠬᠡᠷᠡᠭᠯᠡᠭᠡᠨ ᠤ ᠲᠠᠸᠠᠷ ᠤᠨ ᠦᠨ᠎ᠡ ᠶᠢᠨ ᠥᠰᠥᠯᠲᠡ ᠶᠢᠨ ᠨᠥᠯᠥᠭᠡᠯᠡᠬᠦ ᠳᠠᠷᠤᠯᠲᠠ ᠶᠢ ᠬᠥᠩᠭᠡᠷᠡᠭᠦᠯᠦᠨ᠎ᠡ᠃ ᠡᠭᠦᠨ ᠳᠤ᠄ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠳᠥᠯᠥᠬᠦ ᠲᠠᠩᠰᠠᠨ ᠡᠷᠦᠬᠡ ᠶᠢᠨ ᠪᠡᠯᠡᠨ ᠵᠣᠭᠤᠰ ᠭᠠᠷᠭᠠᠨ ᠠᠪᠬᠤ ᠭᠠᠷᠳᠠᠮ ᠤᠨ ᠰᠦᠢᠳᠬᠡᠯ ᠬᠤᠷᠢᠶᠠᠬᠤ ᠠᠴᠠ ᠭᠡᠯᠳᠦᠷᠢᠭᠦᠯᠬᠦ ᠶᠢ ᠵᠣᠷᠢᠭᠵᠢᠭᠤᠯᠵᠤ᠂ ᠰᠦᠯᠵᠢᠶ᠎ᠡ ᠪᠠᠷ ᠳᠥᠯᠥᠬᠦ ᠬᠤᠳᠠᠯᠳᠤᠭᠠᠨ ᠤ ᠡᠷᠦᠬᠡ ᠶᠢᠨ ᠭᠠᠷᠳᠠᠮ ᠤᠨ ᠰᠦᠢᠳᠬᠡᠯ ᠢ 10% ᠪᠠᠷ ᠪᠠᠭᠤᠷᠠᠭᠤᠯᠵᠤ᠂ ᠪᠠᠩᠬᠢ ᠶᠢᠨ ᠺᠠᠷᠲ ᠲᠥᠯᠥᠬᠦ ᠭᠠᠷᠳᠠᠮ ᠤᠨ ᠰᠦᠢᠳᠬᠡᠯ ᠢ ᠪᠠᠭᠤᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠩᠬᠢ ᠠᠯᠤᠰᠯᠠᠨ ᠲᠠᠩᠰᠠ ᠰᠢᠯᠵᠢᠭᠦᠯᠵᠦ ᠵᠣᠭᠤᠰ ᠭᠤᠪᠢᠭᠤᠯᠬᠤ ᠭᠠᠷᠳᠠᠮ ᠤᠨ ᠰᠦᠢᠳᠬᠡᠯ ᠢ ᠬᠠᠰᠤᠵᠤ ᠭᠡᠯᠳᠦᠷᠢᠭᠦᠯᠬᠦ ᠶᠢ ᠠᠬᠢᠭᠤᠯᠵᠤ᠂ ᠠᠦ᠋ᠲ᠋ᠣ᠋ ᠵᠣᠭᠤᠰ ᠭᠠᠷᠭᠠᠨ ᠠᠪᠬᠤ ᠮᠠᠰᠢᠨ ᠤ ᠪᠠᠩᠬᠢ ᠠᠯᠤᠰᠯᠠᠨ ᠪᠡᠯᠡᠨ ᠵᠣᠭᠤᠰ ᠭᠠᠷᠭᠠᠨ ᠠᠪᠬᠤ ᠭᠠᠷᠳᠠᠮ ᠤᠨ ᠰᠦᠢᠳᠬᠡᠯ ᠢ ᠪᠠᠭᠤᠷᠠᠭᠤᠯᠬᠤ ᠶᠢ ᠠᠬᠢᠭᠤᠯᠬᠤ ᠵᠡᠷᠭᠡ ᠪᠠᠭᠲᠠᠨ᠎ᠠ᠃ ᠵᠢᠱᠢᠯᠲᠡ ᠪᠠᠷ ᠡᠳᠡᠭᠡᠷ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠵᠢᠯ ᠪᠦᠷᠢ 240 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠬᠥᠩᠭᠡᠯᠡᠬᠦ ᠪᠣᠯᠤᠨ᠎ᠠ᠃

ᠬᠤᠲᠠ ᠪᠠᠯᠭᠠᠰᠤᠴᠢᠯᠠᠬᠤ ᠶᠠᠪᠤᠴᠠ ᠳᠠᠬᠢ ᠬᠤᠲᠠ ᠳᠤ ᠣᠷᠣᠵᠤ ᠬᠦᠴᠦ ᠶᠠᠪᠤᠭᠰᠠᠳ᠂ ᠰᠢᠨ᠎ᠡ ᠪᠠᠷ ᠠᠵᠢᠯ ᠣᠯᠤᠭᠰᠠᠨ ᠣᠶᠤᠲᠠᠨ ᠵᠡᠷᠭᠡ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠬᠤᠷᠠᠯ ᠳᠤ᠂ ᠨᠢᠭᠡ ᠳᠤ᠂ ᠬᠤᠲᠠ ᠶᠢᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠦᠴᠦᠨ ᠤ ᠣᠷᠣᠯᠴᠠᠬᠤ ᠶᠢ ᠵᠣᠷᠢᠭᠵᠢᠭᠤᠯᠤᠨ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠲᠦᠪᠰᠢᠨ ᠠᠴᠠ ᠳᠣᠤᠷ᠎ᠠ ᠪᠠᠶᠢᠭ᠎ᠠ ᠵᠢᠵᠢᠭ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠤᠶᠠᠷ ᠲᠤ᠂ ᠬᠥᠮᠦᠨ ᠠᠮᠠ ᠨᠢ ᠴᠡᠪᠡᠷ ᠨᠡᠮᠡᠭᠳᠡᠯ ᠲᠠᠢ ᠲᠣᠮᠣ ᠬᠤᠲᠠ ᠵᠡᠷᠭᠡ ᠳᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ᠂ ᠠᠵᠤ ᠠᠬᠤᠶᠢᠯᠠᠯ ᠠᠵᠢᠯ ᠦᠢᠯᠡᠰ ᠤᠨ  ᠶᠢᠨ ᠥᠪᠡᠷ ᠤᠨ ᠪᠠᠶᠢᠭ᠎ᠠ ᠭᠠᠵᠠᠷ ᠰᠢᠷᠣᠶ ᠪᠠᠨ ᠠᠰᠢᠭᠯᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠᠶᠢᠭᠤᠯᠵᠤ᠂ ᠰᠤᠯᠠ ᠪᠠᠶᠢᠭ᠎ᠠ ᠪᠠ ᠦᠷ᠎ᠡ ᠠᠰᠢᠭ ᠢᠶᠠᠷ ᠳᠣᠤᠷ᠎ᠠ ᠬᠤᠳᠠᠯᠳᠤᠭᠠᠨ ᠤ ᠪᠠ ᠠᠯᠪᠠᠨ ᠳᠤ ᠬᠡᠷᠡᠭᠯᠡᠬᠦ ᠭᠡᠷ ᠪᠠᠶᠢᠰᠢᠩ᠂ ᠦᠢᠯᠡᠳᠪᠦᠷᠢ ᠶᠢᠨ ᠪᠠᠶᠢᠰᠢᠩ ᠵᠡᠷᠭᠡ ᠶᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠶᠢ ᠵᠥᠪᠰᠢᠶᠡᠷᠡᠨ᠎ᠡ᠃ ᠭᠤᠷᠪᠠ ᠳᠤ᠂ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ ᠬᠤᠪᠢ ᠬᠥᠮᠦᠨ ᠳᠤ ᠣᠷᠣᠨ ᠰᠠᠭᠤᠴᠠ ᠲᠦᠷᠢᠶᠡᠰᠦᠯᠡᠭᠦᠯᠬᠦ ᠳᠤ ᠭᠠᠶᠢᠯᠢ ᠪᠤᠳᠤᠬᠤ ᠲᠥᠬᠦᠮ ᠠᠷᠭ᠎ᠠ ᠶᠢ ᠬᠡᠷᠡᠭᠯᠡᠵᠦ᠂ 5% ᠶᠢᠨ ᠲᠠᠲᠠᠪᠤᠷᠢᠯᠠᠬᠤ ᠨᠣᠷᠮ᠎ᠠ ᠶᠣᠰᠣᠭᠠᠷ 1.5% ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠠᠰᠤᠨ ᠬᠥᠩᠭᠡᠯᠡᠨ᠎ᠡ︔ ᠠᠵᠤ ᠠᠬᠤᠶᠢᠯᠠᠯ ᠠᠵᠢᠯ ᠦᠢᠯᠡᠰ ᠤᠨ  ᠵᠡᠷᠭᠡ ᠨᠢ ᠬᠤᠪᠢ ᠬᠥᠮᠦᠨ᠂ ᠲᠤᠰᠬᠠᠶᠢᠵᠢᠭᠰᠠᠨ ᠬᠡᠪᠴᠢᠶᠡᠵᠢᠭᠰᠡᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ ᠳᠤ ᠣᠷᠣᠨ ᠰᠠᠭᠤᠴᠠ ᠲᠦᠷᠢᠶᠡᠰᠦᠯᠡᠭᠦᠯᠬᠦ ᠳᠤ᠂ 4% ᠶᠢᠨ ᠭᠠᠶᠢᠯᠢ ᠶᠢᠨ ᠨᠤᠷᠮ᠎ᠠ ᠪᠠᠷ ᠭᠡᠷ ᠬᠦᠷᠦᠩᠭᠡ ᠶᠢᠨ ᠭᠠᠶᠢᠯᠢ ᠶᠢ ᠬᠠᠰᠤᠨ ᠲᠠᠲᠠᠪᠤᠷᠢᠯᠠᠨ᠎ᠠ ᠭᠡᠵᠡᠢ᠃

ᠬᠤᠷᠠᠯ ᠳᠤ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠦᠨ ᠠᠮᠠ ᠪᠣᠯᠤᠨ ᠲᠥᠯᠥᠪᠯᠡᠭᠡᠲᠦ   ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠲᠥᠰᠦᠯ︶》 ᠶᠢ ᠪᠠᠲᠤᠯᠠᠵᠤ᠂ ᠲᠥᠰᠦᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃

 

 


   :                    
   :           
备案序号:蒙ICP备05003250号 公安备案15010502000173