ᠵᠤᠬᠢᠶᠠᠭᠴᠢ:
ᠴᠠᠭ:2021-07-05
ᠥᠵᠡᠭᠰᠡᠨ : ℃
ᠢᠷᠡᠯᠲᠡ: ᠠᠷᠠᠳ ᠤᠨ ᠰᠦᠯᠵᠢᠶ᠎ᠡ
《ᠨᠤᠲᠤᠭ ᠪᠡᠯᠴᠢᠭᠡᠷ ᠦᠨ ᠳᠠᠭᠠᠳᠬᠠᠯ ᠤᠨ ᠲᠤᠷᠰᠢᠯᠲᠠ ᠶᠢᠨ ᠴᠡᠭ ᠦᠨ ᠠᠵᠢᠯ ᠢ ᠦᠷᠨᠢᠭᠦᠯᠬᠦ ᠲᠤᠬᠠᠢ ᠮᠡᠳᠡᠭᠳᠡᠯ》 ᠪᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 《ᠨᠤᠲᠤᠭ ᠪᠡᠯᠴᠢᠭᠡᠷ ᠦᠨ ᠳᠠᠭᠠᠳᠬᠠᠯ ᠤᠨ ᠲᠤᠷᠰᠢᠯᠲᠠ ᠶᠢᠨ ᠴᠡᠭ ᠦᠨ ᠠᠵᠢᠯ ᠤᠨ ᠬᠡᠷᠡᠭᠵᠢᠭᠦᠯᠬᠦ ᠲᠥᠰᠥᠯ》 ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠤᠲᠤᠭ ᠪᠡᠯᠴᠢᠭᠡᠷ ᠦᠨ ᠳᠠᠭᠠᠳᠬᠠᠯ ᠤᠨ ᠲᠤᠷᠰᠢᠯᠲᠠ ᠶᠢᠨ ᠴᠡᠭ ᠦᠨ ᠠᠵᠢᠯ ᠢ ᠥᠷᠭᠦᠯᠵᠢᠯᠡᠨ ᠠᠬᠢᠭᠤᠯᠪᠠ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠤᠲᠤᠭ ᠪᠡᠯᠴᠢᠭᠡᠷ ᠦᠨ ᠳᠠᠭᠠᠳᠬᠠᠯ ᠤᠨ ᠲᠤᠷᠰᠢᠯᠲᠠ ᠶᠢᠨ ᠴᠡᠭ ᠢ 8 ᠠᠶᠢᠮᠠᠭ ᠬᠣᠲᠠ ᠶᠢᠨ13 ᠬᠣᠰᠢᠭᠤ ᠰᠢᠶᠠᠨ ᠳᠤ ᠬᠡᠷᠡᠭᠵᠢᠬᠦᠯᠬᠦ ᠪᠡᠷ ᠪᠣᠯᠵᠤ᠂ ᠨᠡᠶᠢᠲᠡᠯᠢᠭ ᠨᠤᠲᠤᠭ ᠪᠡᠯᠴᠢᠭᠡᠷ ᠪᠣᠯᠣᠨ ᠡᠯᠡᠰᠦᠷᠬᠡᠭᠵᠢᠭᠰᠡᠨ ᠨᠤᠲᠤᠭ ᠪᠡᠯᠴᠢᠭᠡᠷ ᠵᠡᠷᠭᠡ ᠭᠤᠷᠪᠠᠨ ᠨᠤᠲᠤᠭ ᠪᠡᠯᠴᠢᠭᠡᠷ ᠦᠨ ᠲᠥᠷᠥᠯ ᠬᠡᠯᠪᠡᠷᠢ ᠶᠢ ᠬᠠᠮᠤᠷᠴᠤ᠂ ᠭᠠᠩ ᠬᠠᠭᠰᠠᠷᠠᠭᠠᠨ᠂ ᠭᠠᠯ ᠤᠨ ᠠᠶᠤᠯ᠂ ᠡᠪᠡᠳᠴᠢᠨ ᠬᠣᠷᠣᠬᠠᠢ ᠶᠢᠨ ᠬᠥᠨᠦᠭᠡᠯ ᠪᠠ ᠬᠤᠯᠤᠭᠠᠨ᠎ᠠ ᠶᠢᠨ ᠬᠦᠨᠦᠭᠡᠯ᠂ ᠡᠯᠡᠰᠦᠨ ᠰᠢᠭᠤᠷᠭ᠎ᠠ ᠶᠢᠨ ᠭᠠᠮᠰᠢᠭ ᠢᠶᠠᠷ ᠭᠣᠣᠯ ᠪᠣᠯᠭᠠᠭᠰᠠᠨ ᠳᠠᠭᠠᠳᠬᠠᠯ ᠢ ᠪᠤᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠲᠦᠯᠦᠨ ᠵᠢᠯᠤᠭᠤᠳᠬᠤ ᠪᠠᠷ ᠲᠦᠰᠢᠭ ᠪᠣᠯᠭᠠᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠠᠷᠭ᠎ᠠ ᠪᠠᠷᠢᠯ ᠪᠣᠯᠭᠠᠵᠤ᠂ ᠤᠷᠢᠳᠠᠪᠠᠷ ᠲᠤᠷᠰᠢᠯᠲᠠ ᠬᠢᠬᠦ ᠠᠵᠢᠯ ᠤᠨ ᠠᠷᠭ᠎ᠠ ᠮᠠᠶ᠋ᠢᠭ ᠢᠶᠠᠷ ᠨᠤᠲᠤᠭ ᠪᠡᠯᠴᠢᠭᠡᠷ ᠦᠨ ᠠᠮᠢ ᠠᠬᠤᠢ ᠶᠢ ᠬᠠᠮᠠᠭᠠᠯᠠᠬᠤ᠂ ᠨᠤᠲᠤᠭ ᠪᠡᠯᠴᠢᠭᠡᠷ ᠦᠨ ᠭᠠᠮᠰᠢᠭ ᠢ ᠰᠡᠷᠭᠡᠶᠢᠯᠡᠬᠦ᠂ ᠭᠠᠮᠰᠢᠭ ᠤᠨ ᠳᠠᠷᠠᠭ᠎ᠠ ᠰᠡᠷᠭᠦᠭᠡᠬᠦ ᠶᠢ ᠠᠬᠢᠭᠤᠯᠬᠤ ᠨᠤᠲᠤᠭ ᠪᠡᠯᠴᠢᠭᠡᠷ ᠦᠨ ᠳᠠᠭᠠᠳᠬᠠᠯ ᠤᠨ ᠪᠠᠲᠤᠯᠠᠭ᠎ᠠ ᠶᠢᠨ ᠢᠲᠡᠪᠬᠢᠲᠡᠢ ᠰᠦᠪᠡᠭᠴᠢᠯᠡᠨ ᠪᠠᠶᠢᠭᠤᠯᠵᠤ ᠪᠤᠢ᠃ ᠡᠭᠦᠨ ᠦ ᠬᠠᠮᠲᠤ᠂ ᠲᠤᠷᠰᠢᠯᠭ᠎ᠠ ᠠᠯᠬᠤᠮ ᠠᠯᠬᠤᠮ ᠢᠶᠠᠷ ᠳ᠋ᠦᠩᠨᠡᠵᠦ᠂ ᠪᠠᠲᠤᠯᠠᠭ᠎ᠠ ᠶᠢᠨ ᠲᠣᠭᠲᠠᠴᠠ ᠪᠠᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠦᠨ ᠳᠠᠭᠠᠳᠬᠠᠯ ᠢ ᠪᠦᠬᠦ ᠣᠷᠣᠨ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠪᠡᠶᠡᠯᠡᠭᠦᠯᠬᠦ ᠪᠣᠯᠣᠨ᠎ᠠ᠃