ᠵᠤᠬᠢᠶᠠᠭᠴᠢ:
ᠴᠠᠭ:2021-07-19
ᠥᠵᠡᠭᠰᠡᠨ : ℃
ᠢᠷᠡᠯᠲᠡ: ᠳᠤᠮᠳᠠᠳᠤ ᠤᠯᠤᠰ ᠤᠨ ᠮᠣᠩᠭᠤᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
202 ᠰᠠᠶᠢᠨ ᠳᠤᠷᠠᠴᠢᠨ ᠦᠨ᠎ᠡ ᠲᠦᠯᠦᠪᠦᠷᠢ ᠦᠭᠡᠢ ᠪᠡᠷ 68700 ᠮᠢᠯᠢᠯᠢᠲᠷ ᠴᠢᠰᠤ ᠬᠠᠨᠳᠢᠪᠯᠠᠪᠠ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ ᠴᠢᠰᠤᠨ ᠤ ᠲᠥᠪ ᠬᠠᠮᠲᠤᠷᠠᠨ 《ᠴᠢᠰᠤ ᠪᠠᠨ ᠬᠠᠨᠳᠢᠪᠯᠠᠵᠤ ᠳᠡᠯᠡᠬᠡᠶ ᠳ᠋ᠠᠬᠢᠨ ᠢ ᠬᠠᠶᠢᠷ᠎ᠠ ᠪᠠᠷ ᠤᠮᠳᠠᠯᠠᠬᠤ》 ᠭᠤᠤᠯ ᠰᠡᠳᠦᠪᠲᠦ ᠠᠵᠢᠯᠯᠠᠭ᠎ᠠ ᠡᠷᠭᠢᠯᠡᠵᠦ᠂ 202 ᠰᠠᠶᠢᠨ ᠳᠤᠷᠠᠴᠢᠨ ᠦᠨ᠎ᠡ ᠲᠥᠯᠥᠪᠦᠷᠢ ᠥᠬᠡᠶ ᠪᠠᠷ 68700 ᠮᠢᠯᠢᠯᠢᠲᠷ ᠴᠢᠰᠤ ᠬᠠᠨᠳᠢᠪᠯᠠᠪᠠ᠃
ᠲᠤᠰ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠴᠢᠰᠤ ᠪᠦᠳᠦᠭᠡᠬᠦ ᠰᠤᠷᠪᠤᠯᠵᠢ ᠡᠰ ᠢᠶᠠᠨ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠭᠡ ᠠᠩᠭᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠡᠨᠡᠷᠢᠩᠬᠦᠢ ᠡᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ 10 ᠰᠠᠯᠠᠭ᠎ᠠ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠣᠷᠣᠯᠴᠠᠪᠠ᠃ ᠳᠤᠮᠳᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ 《ᠬᠥᠬᠡᠬᠤᠲᠠ ᠶᠢᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ》 ᠶᠢᠨ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ᠱᠠᠩᠨᠠᠯ ᠤᠨ ᠬᠤᠨᠳᠠᠭ᠎ᠠ ᠣᠯᠭᠤᠪᠠ᠃
ᠤᠢᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠠᠯᠪᠠᠨ ᠵᠢᠷᠤᠮ ᠤᠨ ᠴᠢᠰᠤ ᠬᠠᠨᠳᠢᠪᠯᠠᠬᠤ ᠬᠥᠮᠦᠨ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠪᠣᠯᠪᠠᠴᠤ ᠮᠥᠨ ᠯᠡ ᠡᠮᠴᠢᠯᠡᠭᠡᠨ ᠳᠤ ᠬᠡᠷᠡᠭᠯᠡᠬᠦ ᠴᠢᠰᠤᠨ ᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠨ᠎ᠠ᠃ ᠡᠨᠡ ᠵᠢᠯ ᠤᠮᠠᠷᠠᠲᠤ ᠶᠢᠨ ᠰᠢᠨ᠎ᠡ ᠰᠣᠨᠢᠨ ᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠴᠢᠰᠤᠨ ᠤ ᠲᠥᠪ ᠬᠠᠮᠲᠤᠷᠠᠨ᠂ 《ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠠᠬᠤ ᠨᠡᠶᠢᠲᠡ ᠶᠢᠨ ᠠᠰᠠᠷᠠᠮᠵᠢ ᠶᠢᠨ ᠬᠤᠯᠪᠣᠭ᠎ᠠ》 ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠨᠡᠶᠢᠭᠡᠮ ᠤᠨ ᠪᠦᠯᠬᠦᠮ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠵᠢᠴᠢ ᠬᠠᠶᠢᠷ᠎ᠠ ᠬᠠᠯᠠᠮᠵᠢ ᠬᠦᠷᠭᠡᠭᠰᠡᠳ ᠢ ᠤᠷᠢᠵᠤ ᠣᠷᠣᠯᠴᠠᠭᠤᠯᠵᠦ ᠪᠠᠶᠢᠨ᠎ᠠ᠃