ᠵᠤᠬᠢᠶᠠᠭᠴᠢ:
ᠴᠠᠭ:2021-07-09
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾ ᠢ ᠨᠡᠶᠢᠲᠡᠯᠡᠨ ᠬᠡᠷᠡᠭᠵᠢᠭᠦᠯᠪᠡ
2021 7 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ》 ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ 《ᠲᠦᠷᠢᠮ》 ᠢ ᠨᠡᠶᠢᠲᠡᠯᠡᠭᠰᠡᠨ ᠠᠬᠤᠶ ᠪᠠᠶᠢᠳᠠᠯ ᠵᠢᠴᠢ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ 《ᠲᠦᠷᠢᠮ》 ᠤᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
ᠲᠣᠰ 《ᠲᠦᠷᠢᠮ》 ᠢ ᠡᠨᠡ ᠵᠢᠯ ᠤᠨ 3 ᠳ᠋ᠤᠭᠠᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠲᠠᠪᠤᠳᠤᠭᠠᠷ ᠬᠤᠷᠠᠯ ᠬᠢᠨᠠᠨ ᠵᠥᠪᠯᠡᠵᠦ ᠪᠠᠲᠤᠯᠠᠭᠰᠠᠨ ᠪᠥᠭᠡᠳ ᠡᠨᠡ ᠵᠢᠯ ᠤᠨ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ 《ᠲᠦᠷᠢᠮ》 ᠨᠢ ᠮᠠᠨ ᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠶᠢ ᠠᠬᠢᠭᠤᠯᠬᠤ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 《ᠲᠦᠷᠢᠮ》 ᠪᠣᠯ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠤᠬᠠᠶ ᠠᠩᠬᠠᠳᠠᠭᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ᠎ᠠ᠂ 《ᠲᠦᠷᠢᠮ》 ᠢ ᠬᠡᠷᠡᠭᠵᠢᠭᠦᠯᠦᠭᠰᠡᠨ ᠨᠢ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠬᠠᠤᠯᠢᠵᠢᠭᠰᠠᠨ᠂ ᠵᠢᠷᠤᠮᠵᠢᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃
《ᠲᠦᠷᠢᠮ》 ᠳᠤ ᠡᠯᠪᠡᠭ ᠠᠭᠤᠯᠬᠤᠨ ᠲᠠᠢ᠂ ᠨᠡᠶᠢᠳᠡ 8 ᠪᠦᠯᠦᠭ 43 ᠵᠦᠢᠯ ᠬᠤᠪᠢᠶᠠᠵᠤ᠂ ᠬᠠᠤᠯᠢ ᠲᠣᠭᠲᠠᠭᠠᠬᠤ ᠵᠣᠷᠢᠯᠭ᠎ᠠ᠂ ᠤᠬᠠᠭᠳᠠᠬᠤᠨ ᠲᠣᠮᠢᠶᠠᠯᠠᠯ᠂ ᠬᠡᠷᠡᠭᠯᠡᠬᠦ ᠬᠡᠪᠴᠢᠶ᠎ᠡ᠂ ᠬᠠᠮᠢᠶᠠᠷᠤᠯᠲᠠ ᠶᠢᠨ ᠲᠣᠭᠲᠠᠯᠴᠠᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠢᠯᠡᠴᠢᠯᠡᠬᠦ᠂ ᠪᠠᠶᠢᠴᠠᠭᠠᠨ ᠯᠠᠪᠯᠠᠬᠤ᠂ ᠬᠡᠷᠡᠭᠯᠡᠬᠦ᠂ ᠠᠮᠤᠷ ᠲᠥᠪᠰᠢᠨ ᠤ ᠬᠠᠮᠢᠶᠠᠷᠤᠯᠲᠠ᠂ ᠢᠲᠡᠭᠡᠮᠵᠢ ᠶᠢᠨ ᠪᠡᠶᠡᠴᠢ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠵᠣᠬᠢᠬᠤ ᠱᠠᠭᠠᠷᠳᠠᠯᠭ᠎ᠠ ᠪᠠ ᠲᠣᠭᠲᠠᠭᠠᠯ ᠭᠠᠷᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ 《ᠲᠦᠷᠢᠮ》 ᠤᠨ ᠲᠣᠭᠲᠠᠭᠠᠯ ᠢ ᠵᠥᠷᠢᠴᠡᠪᠡᠯ ᠡᠭᠦᠷᠭᠡᠯᠡᠬᠦ ᠶᠣᠰᠣᠲᠠᠶ ᠬᠠᠤᠯᠢ ᠶᠢᠨ ᠬᠠᠷᠢᠭᠤᠴᠠᠯᠭ᠎ᠠ ᠶᠢ ᠨᠢ ᠲᠣᠳᠣᠷᠬᠠᠶᠢᠯᠠᠪᠠ᠃ ᠡᠭᠦᠨ ᠳᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠤᠬᠠᠶ ᠲᠣᠭᠲᠠᠭᠠᠯ ᠭᠠᠷᠭᠠᠪᠠ᠄ ᠢᠲᠡᠭᠡᠮᠵᠢ ᠰᠠᠶᠢᠲᠠᠢ ᠮᠡᠳᠡᠭᠡ ᠵᠠᠩᠭᠢ ᠶᠢᠨ ᠪᠡᠶᠡᠴᠢ ᠴᠣᠭᠴᠠ ᠨᠢ 6 ᠲᠥᠷᠥᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠭᠥᠷᠳᠡᠵᠦ ᠪᠣᠯᠤᠨ᠎ᠠ︔ ᠡᠩ ᠤᠨ ᠢᠲᠡᠭᠡᠯ ᠠᠯᠳᠠᠭᠰᠠᠨ ᠮᠡᠳᠡᠭᠡ ᠵᠠᠩᠭᠢ ᠶᠢᠨ ᠪᠡᠶᠡᠴᠢ ᠴᠣᠭᠴᠠ ᠳᠤ ᠬᠠᠤᠯᠢ ᠶᠣᠰᠣᠭᠠᠷ 6 ᠲᠥᠷᠥᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠴᠤ ᠪᠣᠯᠤᠨ᠎ᠠ︔ ᠬᠦᠨᠳᠦ ᠨᠣᠴᠢᠲᠠᠶ ᠢᠲᠡᠭᠡᠯ ᠠᠯᠳᠠᠭᠰᠠᠨ ᠮᠡᠳᠡᠭᠡ ᠵᠠᠩᠭᠢ ᠶᠢᠨ ᠪᠡᠶᠡᠴᠢ ᠴᠣᠭᠴᠠ ᠳᠤ ᠬᠠᠤᠯᠢ ᠶᠣᠰᠣᠭᠠᠷ 10 ᠲᠥᠷᠥᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠴᠤ ᠪᠣᠯᠤᠨ᠎ᠠ᠃
《ᠲᠦᠷᠢᠮ》 ᠢ ᠬᠡᠷᠡᠭᠵᠢᠭᠦᠯᠦᠭᠰᠡᠨ ᠨᠢ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠦ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠤ ᠣᠷᠣᠭᠤᠯᠬᠤ ᠪᠣᠯᠤᠨ᠎ᠠ᠃ 《ᠲᠦᠷᠢᠮ》 ᠤᠨ ᠲᠣᠭᠲᠠᠭᠠᠯ ᠶᠣᠰᠣᠭᠠᠷ᠂ ᠮᠠᠨ ᠤ ᠣᠷᠣᠨ ᠳᠣᠤᠷᠠᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠢᠲᠡᠭᠡᠮᠵᠢ ᠶᠢᠨ ᠱᠠᠩᠨᠠᠵᠤ ᠲᠣᠷᠭᠠᠬᠤ ᠠᠵᠢᠯ ᠤᠨ ᠥᠷᠨᠢᠯᠲᠡ ᠶᠢ ᠠᠬᠢᠭᠤᠯᠤᠨ᠎ᠠ᠄ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠭᠥᠷᠳᠡᠬᠦ ᠲᠣᠭᠲᠠᠴᠠ ᠶᠢ ᠪᠦᠷᠢᠨᠰᠢᠭᠦᠯᠦᠨ᠎ᠡ᠃ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ》 ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠪᠡᠶᠡᠴᠢ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠡᠮᠳᠡᠭᠯᠡᠵᠦ᠂ ᠪᠥᠬᠦ ᠣᠷᠣᠨ ᠳᠤ ᠢᠲᠡᠭᠡᠮᠵᠢ ᠶᠢᠨ ᠱᠠᠩᠨᠠᠵᠤ ᠲᠣᠷᠭᠠᠬᠤ ᠶᠢ ᠥᠷᠨᠢᠭᠦᠯᠬᠦ ᠳᠤ ᠦᠨᠳᠦᠰᠦᠯᠡᠯ ᠬᠠᠩᠭᠠᠨ᠎ᠠ᠃ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠳᠠᠩᠰᠠ》 ᠶᠢ ᠰᠤᠳᠤᠯᠤᠨ ᠲᠣᠭᠲᠠᠭᠠᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ 《ᠨᠠᠷᠢᠨ ᠲᠠᠩᠰᠠ》 ᠶᠢᠨ ᠲᠣᠭᠲᠠᠭᠠᠯ ᠢ ᠦᠨᠳᠦᠰᠦᠯᠡᠨ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠠᠬᠢᠭᠤᠯᠤᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡ ᠶᠢ ᠴᠢᠩᠭᠠᠷᠠᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠭᠤᠭᠴᠤᠭ᠎ᠠ ᠳᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠨᠢ ᠱᠠᠭᠠᠷᠳᠠᠯᠭ᠎ᠠ ᠳᠤᠷᠠᠳᠬᠤ ᠶᠢᠨ ᠬᠠᠮᠲᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ᠂ ᠪᠠᠶᠢᠴᠠᠭᠠᠨ᠎ᠠ᠃ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠣᠢ ᠪᠣᠯᠭᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠪᠥᠬᠦ ᠣᠷᠣᠨ ᠤ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠤᠨ ᠬᠥᠮᠥᠷᠭᠡ ᠶᠢ ᠪᠦᠷᠢᠨᠰᠢᠭᠦᠯᠵᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠳᠤ ᠵᠣᠷᠢᠭᠵᠢᠭᠤᠯᠤᠯ ᠪᠠ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠦᠨ᠂ ᠨᠡᠶᠢᠭᠡᠮ ᠤᠨ ᠡᠬᠢ ᠪᠠᠶᠠᠯᠢᠭ ᠢ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠲᠡᠶᠢᠰᠢ ᠲᠥᠪᠯᠡᠷᠡᠭᠦᠯᠬᠦ ᠶᠢ ᠵᠣᠷᠢᠭᠵᠢᠭᠤᠯᠵᠤ᠂ ᠬᠠᠷᠢᠯᠴᠠᠨ ᠬᠥᠳᠡᠯᠦᠯᠴᠡᠭᠰᠡᠨ᠂ ᠬᠠᠷᠢᠯᠴᠠᠨ ᠠᠬᠢᠭᠤᠯᠤᠭᠰᠠᠨ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠣᠶ ᠪᠣᠯᠭᠠᠨ᠎ᠠ᠃ ᠢᠲᠡᠭᠡᠮᠵᠢ ᠪᠠᠷ ᠤᠷᠮᠠᠰᠢᠭᠤᠯᠬᠤ ᠨᠡᠷᠡᠳᠬᠦᠨ ᠪᠠ ᠦᠢᠯᠡᠴᠢᠯᠡᠭᠡ ᠶᠢ ᠰᠢᠨᠡᠴᠢᠯᠡᠨ᠎ᠡ᠃ 《ᠢᠲᠡᠭᠡᠮᠵᠢ ᠲᠠᠢ ᠪᠣᠯ ᠵᠢᠭᠡᠯᠡᠯᠭᠡ ᠬᠢᠯᠪᠠᠷ ᠣᠯᠭᠤᠬᠤ》 ᠠᠵᠢᠯ ᠢ ᠭᠦᠨᠵᠡᠭᠡᠶ ᠥᠷᠨᠢᠭᠦᠯᠵᠦ᠂ 《 ᠥᠪᠥᠷ ᠮᠣᠩᠭᠤᠯ ᠬᠦᠷᠲᠡᠭᠡᠮᠵᠢᠲᠦ ᠵᠢᠭᠡᠯᠡᠯᠭᠡ》 ᠶᠢᠨ ᠦᠵᠦᠭᠦᠷᠯᠢᠭ ᠢᠶᠠᠷ ᠳᠠᠮᠵᠢᠭᠤᠯᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠬᠠᠩᠭᠠᠨ᠎ᠠ᠃ 《ᠥᠪᠥᠷ ᠮᠣᠩᠭᠤᠯ ᠬᠦᠷᠲᠡᠭᠡᠮᠵᠢᠲᠦ ᠳᠥᠷᠢᠶᠡᠰᠥᠯᠡᠯ》《ᠥᠪᠥᠷ ᠮᠣᠩᠭᠤᠯ ᠬᠦᠷᠲᠡᠭᠡᠮᠵᠢᠲᠦ ᠵᠢᠭᠤᠯᠴᠢᠯᠠᠯ》《ᠥᠪᠥᠷ ᠮᠣᠩᠭᠤᠯ ᠬᠦᠷᠲᠡᠭᠡᠮᠵᠢᠲᠦ ᠠᠶᠠᠯᠠᠯ》 ᠵᠡᠷᠭᠡ ᠠᠯᠢ ᠣᠯᠠᠨ ᠢᠲᠡᠭᠡᠮᠵᠢ ᠶᠢᠨ ᠤᠷᠮᠠᠰᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠠᠬᠢᠭᠤᠯᠤᠨ᠎ᠠ᠃
ᠡᠨᠡ ᠵᠢᠯ ᠤᠨ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠪᠥᠬᠦ ᠣᠷᠣᠨ ᠤ 516 ᠲᠦᠮᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ᠂ 3.1 ᠲᠦᠮᠡᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠂ 3.4 ᠲᠦᠮᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ 2008 ᠲᠦᠮᠡᠨ ᠪᠠᠶᠢᠭᠠᠯᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ 2.7 ᠳ᠋ᠦᠩᠰᠢᠭᠤᠷ ᠵᠤᠷᠪᠤᠰ ᠴᠤᠭᠯᠠᠭᠤᠯᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃