ᠵᠤᠬᠢᠶᠠᠭᠴᠢ:
ᠴᠠᠭ:2021-07-16
ᠥᠵᠡᠭᠰᠡᠨ : ℃
ᠢᠷᠡᠯᠲᠡ: ᠢᠷᠡᠯᠲᠡ᠄ ︽ ᠥᠪᠥᠷ ᠮᠣᠩᠭᠤᠯ ᠤᠨ ᠡᠳᠦᠷ ᠤᠨ ᠰᠣᠨᠢᠨ︾
ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠠᠢ ᠱᠢ ᠲᠠᠢ ᠹᠧᠩ ᠬᠤᠷᠠᠯ ᠢ ᠡᠷᠬᠢᠯᠡᠵᠠᠢ
2021 7 ᠰᠠᠷ᠎ᠠ ᠶᠢᠨ 6 ᠤ ᠡᠳᠦᠷ᠂ ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠠᠵᠢᠯ ᠤᠨ ᠲᠥᠰᠦᠯ ᠪᠠ ᠪᠢᠴᠢᠭ ᠮᠠᠲ᠋ᠧᠷᠢᠶᠠᠯ ᠢ ᠰᠤᠳᠤᠯᠵᠤ᠂ ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠨ ᠱᠤᠤ ᠴᠦᠨ᠂ ᠾᠧᠩ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠤᠷᠠᠯ ᠳᠤ ᠣᠷᠣᠯᠴᠠᠵᠠᠶ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠬᠤᠶᠠᠷ ᠵᠢᠯ ᠤᠨ ᠲᠤᠰᠬᠠᠶ ᠠᠵᠢᠯᠯᠠᠭ᠎ᠠ ᠶᠢᠨ ᠲᠥᠰᠦᠯ》 ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠨᠢᠭᠡᠨᠲᠡ ᠣᠳᠣᠬᠠᠨ ᠤ ᠬᠥᠭᠵᠢᠯᠲᠡ ᠪᠠᠷ ᠬᠠᠮᠤᠭ ᠤᠨ ᠲᠦᠷᠭᠡᠨ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠭ᠎ᠠ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠪᠤᠯᠵᠠᠢ᠂ ᠡᠷᠬᠡᠪᠰᠢ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠯ᠎ᠡ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠂ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠴᠢᠬᠤᠯᠠ ᠴᠢᠨᠠᠷ ᠪᠣᠯᠤᠨ ᠴᠢᠨᠠᠷ ᠢ ᠭᠦᠨᠵᠡᠭᠡᠶ ᠲᠠᠨᠢᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 《ᠴᠣᠬᠢᠯᠲᠠ ᠦᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠤᠬᠠᠭᠤᠯᠬᠤ》 ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠣᠷᠣᠰᠢᠨ ᠲᠣᠭᠲᠠᠨᠢᠬᠤ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠴᠢᠮᠡᠭᠡ ᠬᠤᠯᠪᠣᠭ᠎ᠠ᠂ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠣᠬᠢᠯᠲᠠ ᠥᠭᠴᠦ ᠵᠠᠰᠠᠬᠤ ᠠᠵᠢᠯ ᠢ ᠯᠠᠪᠳᠠᠭᠤᠨ ᠪᠠᠲᠤᠲᠠᠶ ᠡᠷᠴᠢᠮᠲᠡᠶ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶᠢᠳᠠᠯ ᠢ ᠡᠷᠡᠰ ᠬᠤᠷᠢᠠᠠᠯᠠᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠴᠢᠩᠭᠠᠳᠬᠠᠵᠤ᠂ ᠤᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃
ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃