ᠵᠤᠬᠢᠶᠠᠭᠴᠢ: ᠴᠠᠭ:2021-10-08 ᠥᠵᠡᠭᠰᠡᠨ : ᠢᠷᠡᠯᠲᠡ: ᠢᠷᠡᠯᠲᠡ᠄ ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ  ᠲᠡᠩᠴᠡᠭᠦᠷᠢᠲᠡᠶ ᠬᠥᠭᠵᠢᠭᠦᠯᠬᠦ ᠲᠤᠬᠠᠢ ᠤᠯᠤᠰ ᠤᠨ ᠱᠠᠯᠠᠪᠳᠠᠭᠤᠯᠤᠨ ᠵᠢᠯᠣᠭᠤᠳᠬᠤ ᠪᠠᠶᠢᠴᠠᠭᠠᠯᠳᠠ ᠶᠢᠨ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠪᠠ    ᠸᠠᠩ ᠯᠢ ᠰᠢᠶᠠ ᠵᠧᠩ ᠹᠦ᠋ ᡁᠢ ᠬᠤᠷᠠᠯ ᠳᠤ ᠣᠷᠤᠯᠴᠠᠵᠤ ᠶᠠᠷᠢᠶ᠎

ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ  ᠲᠡᠩᠴᠡᠭᠦᠷᠢᠲᠡᠶ ᠬᠥᠭᠵᠢᠭᠦᠯᠬᠦ ᠲᠤᠬᠠᠢ ᠤᠯᠤᠰ ᠤᠨ ᠱᠠᠯᠠᠪᠳᠠᠭᠤᠯᠤᠨ ᠵᠢᠯᠣᠭᠤᠳᠬᠤ ᠪᠠᠶᠢᠴᠠᠭᠠᠯᠳᠠ ᠶᠢᠨ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠪᠠ    ᠸᠠᠩ ᠯᠢ ᠰᠢᠶᠠ ᠵᠧᠩ ᠹᠦ᠋ ᡁᠢ ᠬᠤᠷᠠᠯ ᠳᠤ ᠣᠷᠤᠯᠴᠠᠵᠤ ᠶᠠᠷᠢᠶ᠎ᠠ ᠲᠠᠯᠪᠢᠵᠠᠢ

2021ᠣᠨ ᠤ 9 ᠳ᠋ᠦ᠋ᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ  ᠲᠡᠩᠴᠡᠭᠦᠷᠢᠲᠡᠢ ᠬᠥᠭᠵᠢᠭᠦᠯᠬᠦ ᠲᠤᠬᠠᠢ ᠤᠯᠤᠰ ᠤᠨ ᠱᠠᠯᠠᠪᠳᠠᠭᠤᠯᠤᠨ ᠵᠢᠯᠣᠭᠤᠳᠬᠤ ᠪᠠᠶᠢᠴᠠᠭᠠᠯᠳᠠ ᠶᠢᠨ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠰᠤᠷᠭᠠᠨ ᠬᠥᠮᠦᠵᠢᠯ ᠤᠨ ᠶᠠᠮᠤᠨ ᠤ ᠳᠡᠳ᠋  ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠧᠩ ᠹᠦ᠋ ᡁᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠤᠯᠤᠰ ᠤᠨ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠶᠢᠨ ᠵᠥᠪᠯᠡᠭᠴᠢ ᠭᠦᠸᠧ ᠬᠤ᠋ ᠬᠢᠨᠠᠨ ᠵᠢᠯᠣᠭᠤᠳᠴᠤ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃

 ᠵᠧᠩ ᠹᠦ᠋ ᡁᠢ᠂ ᠤᠢᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ   ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠪᠦᠬᠦᠯᠢ ᠴᠣᠭᠴᠠ ᠪᠠᠷ ᠢᠶᠠᠨ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ   ᠲᠡᠩᠴᠡᠭᠦᠷᠢᠲᠡᠢ ᠬᠥᠭᠵᠢᠭᠦᠯᠬᠦ ᠤᠯᠤᠰ ᠤᠨ ᠱᠠᠯᠠᠪᠳᠠᠭᠤᠯᠤᠨ ᠵᠢᠯᠣᠭᠤᠳᠬᠤ ᠨᠤᠲᠠᠯᠠᠨ ᠲᠣᠭᠲᠠᠭᠠᠯᠳᠠ ᠶᠢ ᠦᠩᠭᠡᠷᠡᠭᠦ ᠪᠠᠷ ᠪᠤᠢ᠂ ᠡᠨᠡ ᠪᠣᠯ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠮᠦᠨ᠃ ᠥᠪᠥᠷ ᠮᠣᠩᠭᠤᠯ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨ᠎ᠡ ᠭᠠᠷᠤᠭ᠎ᠠ ᠲᠡᠭᠡᠷ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠰᠡᠵᠦ ᠪᠠᠶᠢᠨ᠎ᠠ᠃ ᠪᠠᠬᠢᠵᠢᠭᠦᠯᠬᠦ ᠪᠠᠷ ᠬᠦᠴᠦᠯᠡᠵᠦ᠂ ᠲᠣᠭᠲᠠᠴᠠ ᠶᠢ ᠪᠦᠷᠢᠨᠰᠢᠭᠦᠯᠬᠦ ᠳᠡᠭᠡᠷ᠎ᠡ ᠬᠦᠴᠦ ᠲᠠᠯᠪᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠳᠡᠭᠡᠭᠰᠢᠯᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠢ ᠳᠡᠭᠡᠭᠰᠢᠯᠡᠭᠦᠯᠬᠦ ᠪᠠᠷ ᠬᠦᠴᠦᠯᠡᠵᠦ᠂ ᠪᠦᠬᠦ ᠲᠠᠯ᠎ᠠ ᠶᠢᠨ ᠬᠥᠭᠵᠢᠯᠲᠡ ᠶᠢᠨ ᠤᠢᠢᠯᠠᠭᠠᠭᠳᠠᠬᠤᠨ ᠢ ᠨᠡᠩ ᠢᠯᠡ ᠲᠣᠳᠣ ᠪᠡᠶᠡᠯᠡᠭᠦᠯᠵᠦ᠂ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠬᠡᠮᠵᠢᠶ᠎ᠡ ᠶᠢ ᠨᠡᠩ ᠥᠨᠳᠥᠷ ᠪᠣᠯᠭᠠᠵᠤ᠂ ᠪᠠᠭᠰᠢ ᠶᠢᠨ ᠡᠩᠨᠡᠭᠡ ᠶᠢ ᠨᠡᠩ ᠴᠢᠨᠠᠷᠵᠢᠭᠤᠯᠵᠤ᠂ ᠠᠷᠠᠳ ᠤᠯᠠᠨ ᠢ ᠨᠡᠩ ᠬᠠᠨᠤᠮᠵᠢᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠠᠳᠬᠤᠵᠤ᠂ ᠡᠮᠬᠢ ᠳᠢᠭᠯᠢᠮ ᠢ ᠵᠢᠷᠤᠮᠵᠢᠭᠤᠯᠬᠤ ᠪᠠᠷ ᠬᠦᠴᠦᠯᠡᠵᠦ᠂ ︽ᠬᠤᠶᠠᠷ ᠢ ᠬᠦᠩᠭᠡᠷᠡᠭᠦᠯᠬᠦ︾ ᠠᠵᠢᠯ ᠢ ᠨᠡᠩ ᠭᠦᠨᠵᠡᠭᠡᠢ᠂ ᠨᠡᠩ ᠪᠣᠳᠠᠲᠠᠢ᠂ ᠨᠡᠩ ᠴᠢᠩᠭ᠎ᠠ ᠠᠬᠢᠭᠤᠯᠬᠤ ᠬᠡᠷᠡᠭᠲᠡᠢ᠃ ᠱᠠᠯᠠᠪᠳᠠᠭᠤᠯᠤᠨ ᠵᠢᠯᠣᠭᠤᠳᠬᠤ ᠶᠢ ᠠᠳᠬᠤᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠬᠦᠴᠦᠯᠡᠵᠦ᠂ ᠬᠢᠨᠠᠨ ᠵᠢᠯᠣᠭᠤᠳᠬᠤ ᠪᠠᠶᠢᠭᠤᠯᠤᠮᠵᠢ ᠶᠢ ᠰᠠᠶᠢᠲᠤᠷ ᠪᠠᠶᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠠᠶᠢᠲᠤᠷ ᠬᠡᠷᠡᠭᠯᠡᠵᠦ᠂ ᠬᠡᠦᠬᠡᠳ ᠤᠨ ᠬᠠᠷᠠᠬᠠᠨ ᠪᠠᠭ᠎ᠠ ᠠᠴᠠ ᠪᠠᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠸᠠᠩ ᠯᠢ ᠰᠢᠶᠠ᠂ ᠡᠨᠡ ᠤᠳᠠᠭᠠᠨ ᠤ ᠤᠯᠤᠰ ᠤᠨ ᠱᠠᠯᠠᠪᠳᠠᠭᠤᠯᠤᠨ ᠵᠢᠯᠣᠭᠤᠳᠬᠤ ᠪᠠᠶᠢᠴᠠᠭᠠᠯᠳᠠ ᠨᠢ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠰᠤᠳᠠᠯ ᠪᠠᠷᠢᠵᠤ ᠤᠨᠤᠰᠢᠯᠠᠵᠤ ᠪᠠᠶᠢᠭ᠎ᠠ ᠶᠠᠪᠤᠳᠠᠯ ᠪᠤᠯᠤᠨ᠎ᠠ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠴᠢᠬᠤᠯᠠ ᠠᠵᠠ ᠲᠣᠬᠢᠶᠠᠯ ᠢ ᠵᠠᠪᠠᠯ ᠪᠠᠲᠤ ᠡᠵᠡᠮᠳᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠢ ᠪᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠤ ᠬᠡᠯᠡᠪᠡ᠃ ᠲᠡᠷᠡ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ   ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠠᠵᠢᠯ ᠠᠴᠠ ᠬᠠᠷᠢᠭᠤ ᠲᠤᠰᠬᠠᠭᠰᠠᠨ ᠰᠠᠨᠠᠯ ᠢ ᠬᠠᠷᠭᠤᠭᠤᠯᠤᠨ ᠰᠢᠨᠵᠢᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠶᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠵᠡᠷᠭᠡ ᠲᠠᠢ ᠨᠢᠭᠲᠠ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾  ᠶᠢ ᠦᠢᠯᠡᠳᠦᠯᠭᠡᠵᠢᠭᠦᠯᠵᠦ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠪᠠᠨ ᠦᠵᠡᠬᠦᠯᠬᠦ ᠬᠡᠷᠡᠭᠲᠡᠶ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠠᠷᠢᠭᠤ ᠲᠤᠰᠬᠠᠬᠰᠠᠨ ᠠᠰᠠᠭᠤᠳᠠᠯ ᠳᠤ ᠬᠠᠨᠳᠤᠭᠤᠯᠤᠨ ᠪᠢᠳᠡᠭᠦᠮᠵᠢᠯᠡᠭᠰᠡᠨ ᠬᠠᠮᠢᠶᠠᠷᠤᠯᠳᠠ ᠬᠢᠵᠤ᠂ ᠦᠨᠡᠨ ᠪᠤᠳᠠᠳᠠᠢ ᠴᠡᠭᠴᠡᠯᠡᠨ ᠰᠠᠶᠢᠵᠢᠷᠠᠭᠤᠯᠵᠤ᠂ ᠦᠩᠭᠡᠨ ᠲᠠᠯ᠎ᠠ ᠪᠠ ᠦᠨᠳᠦᠰᠦ ᠶᠢ ᠨᠢ ᠬᠠᠮᠳᠤ ᠳᠤᠨᠢ ᠵᠠᠰᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠨᠢ ᠲᠡᠦᠬᠡ᠂ ᠦᠢᠯᠡᠳᠦᠯᠭᠡ ᠪᠠ ᠤᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠳᠡᠭᠡᠷ᠎ᠡ ᠠᠴᠠ ᠳᠣᠷᠣᠭᠰᠢ ᠪᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠠᠷᠢᠭᠤᠴᠠᠯᠭ᠎ᠠ ᠶᠢᠨ ᠱᠤᠷᠠᠭ ᠢ ᠴᠢᠩᠭ᠎ᠠ ᠮᠤᠰᠬᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠪᠠᠬᠢᠵᠢᠭᠦᠯᠦᠨ ᠥᠷᠭᠡᠳᠬᠡᠵᠦ ᠳᠡᠭᠡᠭᠰᠢᠯᠡᠭᠦᠯᠬᠦ ᠶᠢ ᠠᠬᠢᠭᠤᠯᠵᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠭᠰᠠᠨ ᠦᠷ᠎ᠡ ᠪᠦᠲᠦᠭᠡᠯ ᠢ ᠭᠦᠨᠵᠡᠭᠡᠢ ᠬᠡᠷᠡᠭᠯᠡᠵᠦ᠂ ᠪᠦᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠵᠢᠯ ᠤᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠤᠨ ᠠᠵᠢᠯ ᠤᠨ ᠪᠦᠬᠦ ᠶᠠᠪᠤᠴᠠ ᠳᠤ  ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠭᠤᠭᠴᠤᠭ᠎ᠠ ᠳᠤ ᠠᠭᠤᠰᠬᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠣᠯᠤᠨ ︽ᠲᠦᠷᠪᠡᠨ ᠬᠠᠮᠲᠤᠳᠬᠠᠬᠤ︾ ᠤᠢᠢᠯᠠᠭᠠᠭᠳᠠᠬᠤᠨ ᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃

 ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠪᠠ᠃

 

 

 


   :   ᠥᠪᠡᠷᠲᠡᠭᠡᠨ             
   :           
备案序号:蒙ICP备05003250号 公安备案15010502000173