ᠵᠤᠬᠢᠶᠠᠭᠴᠢ: ᠴᠠᠭ:2021-11-26 ᠥᠵᠡᠭᠰᠡᠨ : ᠢᠷᠡᠯᠲᠡ: ᠢᠷᠡᠯᠲᠡ᠄ 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠠᠢ  ᠱᠢ ᠲᠠᠢ ᠹᠧᠩ ᠬᠤᠷᠠᠯ ᠢ ᠡᠷᠬᠢᠯᠡᠪᠡ

ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠠᠢ  ᠱᠢ ᠲᠠᠢ ᠹᠧᠩ ᠬᠤᠷᠠᠯ ᠢ ᠡᠷᠬᠢᠯᠡᠪᠡ

2021  11 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠥᠰᠦᠯ ᠢ ᠬᠢᠨᠠᠨ ᠵᠥᠪᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ 《ᠡᠷᠬᠢᠨ ᠬᠠᠷᠠᠬᠤ》 ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠯᠢᠦ ᠱᠤᠸᠠᠩ᠂ ᠶᠠᠩ ᠸᠧᠶ ᠳ᠋ᠦᠩ᠂ ᠾᠧᠩ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠤᠷᠠᠯ ᠳᠤ ᠣᠷᠣᠯᠴᠠᠵᠠᠶ᠃

ᠬᠤᠷᠠᠯ ᠠᠴᠠ᠂ ᠲᠥᠪ ᠤᠨ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠨᠢ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠪᠥᠬᠦ ᠲᠠᠯ᠎ᠠ ᠪᠠᠷ ᠳᠠᠬᠢᠨ ᠴᠣᠭᠴᠠᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠳᠤᠬᠠᠢ ᠱᠠᠭᠠᠷᠳᠠᠯᠭ᠎ᠠ ᠳᠡᠭᠡᠷ᠎ᠡ ᠨᠢᠭᠡᠳᠭᠡᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠠᠯᠠᠰᠢᠷᠠᠬᠤ ᠰᠡᠳᠭᠢᠯᠭᠡ ᠪᠠ ᠠᠷᠭᠠᠯᠠᠭᠠᠳ ᠥᠩᠭᠡᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠳᠠᠷᠤᠶᠢᠬᠠᠨ ᠰᠢᠢᠳᠪᠦᠷᠢᠯᠡᠬᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠ ᠳᠠᠷᠤᠯᠲᠠ ᠶᠢ ᠳᠠᠮᠵᠢᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠢ ᠠᠬᠢᠭᠤᠯᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠰᠢᠭᠤᠳ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ᠂ ᠴᠢᠩᠭ᠎ᠠ ᠰᠠᠶᠢᠵᠢᠷᠠᠭᠤᠯᠵᠤ ᠲᠦᠷᠭᠡᠨ ᠰᠠᠶᠢᠵᠢᠷᠠᠭᠤᠯᠬᠤ ᠶᠢ ᠪᠡᠶᠡᠯᠡᠬᠦᠯᠵᠤ᠂ ᠭᠤᠣᠯ ᠬᠠᠷᠢᠭᠤᠴᠠᠯᠭᠠᠲᠠᠨ ᠨᠥᠬᠦᠳ ᠰᠢᠭᠤᠳ ᠠᠳᠬᠤᠵᠤ᠂ ᠪᠣᠳᠠᠲᠠᠢ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠪᠤᠢ ᠪᠦᠬᠦᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠬᠠᠷᠢᠭᠤ ᠲᠤᠰᠬᠠᠬᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠪᠥᠬᠦ ᠶᠠᠪᠤᠴᠠ ᠳᠤ ᠱᠠᠯᠠᠪᠳᠠᠭᠤᠯᠤᠨ ᠵᠢᠯᠣᠭᠤᠳᠬᠤ ᠪᠠ ᠪᠥᠬᠦ ᠲᠠᠯ᠎ᠠ ᠪᠠᠷ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ᠂ ᠪᠦᠲᠦᠮᠵᠢᠲᠡᠶ ᠨᠠᠶᠢᠳᠠᠪᠤᠷᠢᠵᠢᠭᠤᠯᠬᠤ᠂ ᠦᠩᠬᠡᠪᠴᠢ ᠬᠢᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ ᠶᠢᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠭᠦᠢᠴᠡᠳᠭᠡᠵᠦ᠂ ᠢᠵᠢᠯᠢ ᠴᠢᠭᠯᠡᠯ ᠢᠶᠠᠷ ᠬᠦᠴᠦᠯᠡᠵᠦ᠂ ᠢᠯᠠᠩᠭᠤᠶ᠎ᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠬᠡᠷᠡᠭ ᠤᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠬᠡᠷᠡᠭ ᠤᠨ ᠰᠦᠪᠡᠭᠴᠢ ᠶᠢ ᠭᠦᠨᠵᠡᠭᠡᠢ ᠲᠤᠤᠱᠳᠠᠢ ᠪᠠᠶᠢᠴᠠᠭᠠᠵᠤ᠂ ᠪᠦᠬᠦᠨ ᠢ ᠰᠢᠢᠳᠪᠦᠷᠢᠯᠡᠬᠦ ᠶᠢ ᠲᠦᠷᠭᠡᠳᠭᠡᠨ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃

ᠬᠤᠷᠠᠯ ᠠᠴᠠ᠂ ᠰᠢᠰᠲ᠋ᠧᠮᠲᠦ ᠰᠡᠳᠭᠢᠬᠦᠢ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ 《ᠡᠷᠬᠢᠨ ᠬᠠᠷᠠᠬᠤ》 ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠡᠯ᠎ᠡ ᠵᠦᠶᠯ ᠤᠨ ᠠᠵᠢᠯ ᠢ ᠳᠠᠬᠢᠨ ᠡᠮᠬᠢᠯᠡᠵᠦ᠂ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠠᠬᠢᠭᠤᠯᠵᠤ᠂ ᠳᠤᠲᠠᠭᠤᠳᠠᠯ ᠳᠤᠲᠠᠭᠳᠠᠯ ᠢᠶᠠᠨ ᠨᠥᠬᠦᠪᠥᠷᠢᠯᠡᠵᠦ᠂ ᠦᠷᠭᠦᠯᠵᠢᠯᠡᠨ ᠪᠠᠬᠢᠵᠢᠭᠦᠯᠵᠦ ᠳᠡᠭᠡᠭᠰᠢᠯᠡᠭᠦᠯᠬᠦ ᠬᠡᠷᠡᠭᠲᠡᠶ᠃ ᠦᠨᠡᠯᠡᠵᠤ ᠰᠢᠯᠭᠠᠨ ᠠᠪᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠰᠢᠯᠭᠠᠨ ᠠᠪᠬᠤ ᠪᠠᠷᠢᠮᠵᠢᠶ᠎ᠠ ᠶᠢ ᠴᠢᠩᠳᠠᠯᠠᠵᠤ᠂ ᠰᠢᠯᠭᠠᠨ ᠠᠪᠬᠤ ᠪᠣᠭᠤᠮᠲᠠ ᠶᠢ ᠴᠢᠩᠭ᠎ᠠ ᠰᠠᠬᠢᠵᠤ᠂ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠦᠨᠡᠨ ᠪᠣᠳᠠᠲᠠᠶ ᠪᠠᠷ ᠦᠨᠡᠯᠡᠵᠤ ᠰᠢᠯᠭᠠᠨ ᠠᠪᠬᠤ ᠬᠡᠷᠡᠭᠲᠡᠶ᠃ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠶ ᠠᠭᠤᠳᠠᠯᠵᠤ᠂ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠥᠷᠭᠡᠳᠭᠡᠬᠦ ᠬᠡᠷᠡᠭᠲᠡᠶ᠃ ᠵᠢᠯ ᠤᠨ ᠰᠡᠬᠦᠯᠴᠢ ᠣᠨ ᠤ ᠡᠬᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠡᠷᠴᠢᠮ ᠲᠠᠢ ᠡᠮᠬᠢ ᠵᠢᠷᠤᠮ ᠲᠠᠢ ᠰᠠᠶᠢᠲᠤᠷ ᠬᠢᠵᠦ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠠᠵᠢᠯ ᠢᠶᠠᠨ ᠰᠠᠶᠢᠲᠤᠷ ᠬᠢᠬᠦ ᠴᠢᠳᠠᠪᠤᠷᠢ ᠪᠠ ᠬᠠᠷᠢᠭᠤᠴᠠᠯᠭ᠎ᠠ ᠡᠭᠦᠷᠭᠡᠯᠡᠯ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠵᠠᠢ᠃

 

 


   :                    
   :           
备案序号:蒙ICP备05003250号 公安备案15010502000173