ᠵᠤᠬᠢᠶᠠᠭᠴᠢ:
ᠴᠠᠭ:2021-12-10
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ︽2021 ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ︾ ᠤᠨ ᠡᠬᠢᠯᠡᠯᠲᠡ ᠶᠢᠨ ᠶᠣᠰᠣᠯᠠᠯ ᠳᠡᠭᠡᠷ᠎ᠠ ᠸᠢᠳᠢᠣ᠋ ᠪᠠᠷ ᠪᠠᠶᠠᠷ ᠤᠨ ᠦᠭᠡ ᠬᠡᠯᠡᠪᠡ
2021 12 ᠰᠠᠷ᠎ᠠ ᠶᠢᠨ5 ᠤ ᠡᠳᠦᠷ ᠤᠯᠤᠰ ᠤᠨ ᠲᠡᠷᠢᠭᠦᠯᠡᠭᠴᠢ ᠰᠢ ᠶᠢᠨ ᠫᠢᠩ 《2021 ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ》 ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠪᠡᠭᠡᠵᠢᠩ ᠠᠴᠠ ᠸᠢᠳᠢᠣ᠋ ᠪᠠᠷ ᠪᠠᠶᠠᠷ ᠤᠨ ᠦᠭᠡ ᠬᠡᠯᠡᠪᠡ᠃
ᠰᠢ ᠶᠢᠨ ᠫᠢᠩ ᠣᠳᠣᠬᠠᠨ ᠤ ᠳᠡᠯᠡᠬᠡᠢ ᠶᠢᠷᠲᠢᠨᠴᠦ ᠳᠤ ᠬᠥᠮᠦᠨ ᠲᠥᠷᠥᠯᠬᠢᠲᠡᠨ ᠶᠠᠭ ᠬᠤᠪᠣᠷᠬᠠᠨ ᠲᠣᠬᠢᠶᠠᠯᠳᠤᠬᠤ ᠣᠯᠠᠨ ᠵᠦᠢᠯ ᠤᠨ ᠬᠢᠮᠤᠷᠠᠯ ᠢ ᠥᠩᠭᠡᠷᠡᠭᠡᠵᠦ ᠪᠠᠶᠢᠨ᠎ᠠ᠃ ᠲᠠᠰᠤᠷᠠᠯᠲᠠ ᠦᠭᠡᠢ ᠡᠬᠦᠰᠴᠤ ᠪᠠᠶᠢᠭ᠎ᠠ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠪᠣᠯᠤᠨ ᠥᠷᠢᠰᠥᠯᠳᠦᠭᠡᠨ ᠤ ᠡᠮᠦᠨ᠎ᠡ ᠪᠢᠳᠡ ᠨᠡᠭᠡᠭᠡᠯᠲᠡᠲᠡᠢ ᠪᠠᠭᠲᠠᠭᠠᠮᠵᠢᠲᠠᠢ ᠵᠥᠪᠳᠡᠯᠴᠡᠨ ᠬᠠᠮᠲᠤᠷᠠᠯᠴᠠᠬᠤ ᠶᠢ ᠪᠠᠷᠢᠮᠲᠠᠯᠠᠵᠤ ᠤᠯᠠᠨ ᠲᠠᠯᠠᠲᠤ ᠦᠵᠡᠯ ᠢ ᠪᠠᠷᠢᠮᠲᠠᠯᠠᠨ ᠬᠠᠮᠠᠭᠠᠯᠠᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠪᠠᠯ ᠵᠣᠬᠢᠨ᠎ᠠ᠃
— ᠪᠢᠳᠡ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶᠠ᠃ ᠤᠯᠠᠨ ᠲᠠᠯᠠᠲᠤ ᠦᠵᠡᠯ ᠤᠨ ᠭᠤᠤᠯ ᠠᠭᠤᠯᠭ᠎ᠠ ᠪᠣᠯ ᠳᠡᠯᠡᠬᠡᠢ ᠳᠡᠭᠡᠷᠡᠬᠢ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ ᠳᠡᠯᠡᠬᠡᠢ ᠶᠢᠨ ᠢᠷᠡᠭᠡᠳᠦᠢ ᠬᠤᠪᠢ ᠵᠠᠶᠠᠭ᠎ᠠ ᠶᠢ ᠡᠯ᠎ᠡ ᠤᠯᠤᠰ ᠬᠠᠮᠲᠤ ᠪᠠᠷ ᠡᠵᠡᠮᠳᠡᠬᠦ ᠶᠠᠪᠤᠳᠠᠯ ᠪᠣᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠭᠰᠠᠨ ᠤᠯᠠᠨ ᠤᠯᠤᠰ ᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ ᠢ ᠡᠷᠡᠰ ᠬᠠᠮᠠᠭᠠᠯᠠᠵᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ ᠡᠩᠬᠡ ᠲᠠᠶᠢᠪᠤᠩ ᠬᠥᠭᠵᠢᠯᠲᠡ ᠲᠥᠪ ᠭᠤᠣᠯᠴᠢ ᠰᠢᠳᠤᠷᠭᠤ ᠶᠣᠰᠣ ᠠᠷᠠᠳᠴᠢᠯᠠᠯ ᠡᠷᠬᠡ ᠴᠢᠯᠥᠭᠡ ᠵᠡᠷᠭᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠤᠶ᠎ᠠ᠃
— ᠪᠢᠳᠡ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠪᠦᠬᠦ ᠪᠥᠮᠪᠥᠷᠴᠡᠭ ᠤᠨ ᠵᠠᠰᠠᠯᠲᠠ ᠶᠢᠨ ᠲᠠᠰᠤᠷᠠᠯᠳᠠ ᠦᠭᠡᠢ ᠲᠡᠭᠦᠯᠳᠡᠷᠵᠢᠭᠦᠯᠦᠶᠠ᠃ ᠳᠡᠯᠡᠬᠡᠢ ᠶᠢᠨ ᠪᠠᠶᠢᠷᠢᠰᠢᠯ ᠤᠨ ᠬᠤᠪᠢᠷᠠᠯᠲᠠ ᠳᠤ ᠰᠠᠭᠤᠷᠢᠯᠠᠨ ᠥᠷᠭᠡᠨ ᠢᠶᠠᠷ ᠵᠥᠪᠳᠡᠯᠴᠠᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠰᠠᠭᠤᠷᠢᠨ ᠳᠡᠭᠡᠷ᠎ᠡ ᠪᠦᠬᠦ ᠪᠥᠮᠪᠥᠷᠴᠡᠭ ᠤᠨ ᠵᠠᠰᠠᠯᠲᠠ ᠶᠢᠨ ᠥᠭᠡᠷᠡᠴᠢᠯᠡᠨ ᠲᠡᠭᠦᠯᠳᠡᠷᠵᠢᠭᠦᠯᠦᠶᠠ᠃ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠤᠨ ᠶᠡᠭᠡ ᠴᠢᠭᠯᠡᠯ ᠢ ᠪᠠᠷᠢᠮᠲᠠᠯᠠᠵᠤ ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ ᠪᠦᠬᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠴᠢᠷᠮᠠᠶᠢᠨ ᠠᠬᠢᠭᠤᠯᠤᠶ᠎ᠠ᠃
— ᠪᠢᠳᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠪᠦᠬᠦ ᠪᠥᠮᠪᠥᠷᠴᠡᠭ ᠤᠨ ᠬᠠᠮᠲᠤᠷᠠᠯᠴᠠᠭᠠᠨ ᠤ ᠵᠥᠪᠯᠡᠬᠦ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠤᠶ᠎ᠠ᠃ ᠪᠢ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠡᠯ᠎ᠡ ᠲᠠᠯ᠎ᠠ ᠶᠢᠨ ᠬᠢᠨ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ᠃ ᠬᠥᠭᠵᠢᠯᠲᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠶᠠᠳᠠᠭᠤ ᠬᠦᠴᠢᠷᠳᠠᠯ ᠲᠠᠢ ᠬᠦᠮᠦᠨ ᠠᠮᠠ ᠶᠢ ᠪᠠᠭᠠᠰᠬᠠᠬᠤ ᠬᠢᠵᠢᠭ ᠲᠠᠢ ᠲᠡᠮᠡᠴᠡᠬᠦ ᠪᠠ ᠸᠠᠺᠼᠢᠨ ᠬᠦᠭᠵᠢᠯᠳᠡ ᠶᠢᠨ ᠪᠡᠯᠡ ᠮᠥᠩᠭᠦ ᠶᠢ ᠬᠤᠷᠠᠮᠳᠤᠭᠤᠯᠬᠤ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠵᠤ ᠪᠦᠬᠦ ᠪᠥᠮᠪᠥᠷᠴᠡᠭ ᠤᠨ ᠬᠥᠭᠵᠢᠯᠲᠡ ᠶᠢᠨ ᠲᠡᠩᠴᠡᠭᠦᠷᠢᠲᠡᠢ ᠵᠣᠬᠢᠴᠠᠩᠭᠤᠢ ᠪᠠᠭᠲᠠᠭᠠᠮᠵᠢᠲᠠᠢ ᠰᠢᠨ᠎ᠡ ᠳᠤ ᠣᠷᠣᠬᠤ ᠶᠢ ᠠᠬᠢᠭᠤᠯᠤᠶ᠎ᠠ ᠭᠡᠵᠤ ᠴᠢᠬᠤᠯᠠᠴᠢᠯᠠᠵᠠᠢ᠃
ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠨᠢᠬᠡᠨ ᠲᠡᠦᠬᠡᠨ ᠲᠤᠷᠰᠢᠯᠭ᠎ᠠ ᠪᠣᠯ ᠳᠠᠷᠤᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠢᠮᠠᠭᠲᠠ ᠠᠩᠬᠠᠷᠤᠬᠰᠠᠨ ᠶᠠᠪᠤᠲᠠᠯ ᠪᠤᠯᠤᠨ᠎ᠠ᠃ ᠤᠯᠠᠨ ᠲᠠᠯᠠᠲᠤ ᠦᠵᠡᠯ ᠢ ᠳᠡᠮᠵᠢᠬᠦ ᠳᠤᠮᠳᠠᠳᠤ ᠤᠯᠤᠰ ᠤᠨ ᠵᠣᠷᠢᠭ ᠰᠦᠰᠦ ᠬᠤᠪᠢᠷᠠᠬᠤ ᠦᠭᠡᠢ ᠤᠯᠠᠨ ᠲᠠᠯᠠᠲᠤ ᠦᠵᠡᠯ ᠤᠨ ᠦᠷᠳᠡᠭ ᠪᠣᠯᠤᠨ ᠦᠨᠳᠦᠰᠦᠨ ᠵᠠᠷᠴᠢᠮ ᠢ ᠡᠷᠡᠰ ᠬᠠᠮᠠᠭᠠᠯᠠᠵᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ ᠠᠳᠠᠯᠢ ᠲᠠᠯ᠎ᠠ ᠪᠠᠨ ᠡᠷᠢᠵᠦ ᠵᠥᠷᠢᠶ᠎ᠠ ᠲᠠᠢ ᠲᠠᠯ᠎ᠠ ᠪᠠᠨ ᠦᠯᠡᠳᠡᠭᠡᠬᠦ ᠶᠢ ᠪᠠᠷᠢᠮᠲᠠᠯᠠᠵᠤ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ ᠬᠠᠮᠲᠤᠷᠠᠯᠴᠠᠨ ᠬᠥᠭᠵᠢᠬᠦ ᠶᠢ ᠪᠠᠷᠢᠮᠲᠠᠯᠠᠵᠤ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠨ᠎ᠡ ᠭᠡᠵᠤ ᠴᠢᠬᠤᠯᠠᠴᠢᠯᠠᠪᠠ᠃
︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ︶