ᠵᠤᠬᠢᠶᠠᠭᠴᠢ:
ᠴᠠᠭ:2021-12-17
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ᠄ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠬᠤ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠪᠠ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠲᠠᠯ᠎ᠠ ᠪᠠᠷ ᠬᠢ ᠴᠢᠬᠤᠯᠠ ᠶᠡᠭᠡ ᠦᠶᠯᠡᠳᠦᠯ ᠢ ᠰᠠᠶᠢᠲᠤᠷ
ᠰᠢ ᠶᠢᠨ ᠫᠢᠩ᠄ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠬᠤ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠪᠠ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠲᠠᠯ᠎ᠠ ᠪᠠᠷ ᠬᠢ ᠴᠢᠬᠤᠯᠠ ᠶᠡᠭᠡ ᠦᠶᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ
ᠸᠠᠩ ᠬᠤ᠋ ᠨᠢᠩ ᠪᠦᠬᠦ ᠤᠯᠤᠰ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠴᠢᠬᠤᠯᠠ ᠵᠢᠭᠠᠪᠤᠷᠢ ᠥᠭᠴᠦ᠂ ᠮᠠᠨ ᠤ ᠨᠠᠮ ᠶᠡᠷᠦ ᠠᠴᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠬᠦᠨᠳᠦᠳᠭᠡᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠤᠨ ᠲᠦᠷᠦ ᠪᠠᠷᠢᠬᠤ ᠴᠢᠳᠠᠪᠤᠷᠢ ᠪᠣᠯᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠬᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠲᠦᠷᠢᠮ ᠲᠤᠬᠳᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠨᠡᠯᠢᠶᠡᠳ ᠲᠡᠭᠦᠯᠳᠡᠷᠵᠢᠭᠰᠡᠨ ᠨᠠᠮ ᠤᠨ ᠳᠣᠲᠣᠭᠠᠳᠤ ᠶᠢᠨ ᠬᠠᠤᠯᠢ ᠲᠤᠭᠲᠠᠭᠠᠯ ᠤᠨ ᠪᠦᠷᠢᠯᠳᠦᠭᠦᠯᠵᠦ᠂ ᠲᠦᠷᠢᠮ ᠤᠨ ᠡᠷᠬᠡ ᠰᠦᠷᠲᠦ ᠴᠢᠨᠠᠷ ᠪᠣᠯᠤᠨ ᠬᠡᠷᠡᠭᠵᠢᠭᠦᠯᠬᠦ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠨᠠᠮ ᠤᠨ ᠳᠣᠲᠣᠭᠠᠳᠤ ᠶᠢᠨ ᠬᠠᠤᠯᠢ ᠲᠤᠭᠲᠠᠭᠠᠯ ᠲᠦᠷᠢᠮ ᠤᠨ ᠪᠠᠶᠢᠭᠤᠯᠤᠯᠲᠠ ᠢᠯᠡᠳᠲᠡ ᠠᠮᠵᠢᠯᠲᠠ ᠪᠦᠲᠦᠮᠵᠢ ᠣᠯᠵᠤ᠂ ᠰᠢᠨ᠎ᠡ ᠴᠢᠬᠤᠯᠠ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠲᠦᠷᠢᠮ ᠶᠣᠰᠣᠭᠠᠷ ᠨᠠᠮ ᠢ ᠵᠠᠰᠠᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠪᠠ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠲᠠᠯ᠎ᠠ ᠪᠠᠷ ᠬᠢ ᠴᠢᠬᠤᠯᠠ ᠶᠡᠭᠡ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠴᠢᠬᠤᠯᠠ ᠶᠡᠭᠡ ᠦᠢᠯᠡᠳᠦᠯ ᠢ ᠰᠠᠶᠢᠳᠤᠷ ᠪᠠᠳᠠᠷᠠᠭᠤᠯᠵᠤ᠂ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠡ ᠬᠦ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠪᠦᠬᠦ ᠤᠯᠤᠰ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠬᠤᠷᠠᠯ 12 ᠰᠠᠷ᠎ᠠ ᠶᠢᠨ 20 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠣ᠋ ᠨᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠬᠦ ᠦᠨᠳᠤᠷᠴᠡ ᠠᠴᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠤᠨ ᠲᠥᠷᠥ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢ ᠳᠡᠭᠡᠭᠰᠢᠯᠡᠭᠦᠯᠬᠦ ᠳᠤᠮᠳᠠᠬᠢ ᠴᠢᠬᠤᠯᠠ ᠪᠠᠶᠢᠷᠢ ᠰᠠᠭᠤᠷᠢ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠤᠯᠤᠭᠰᠠᠠ ᠢᠯᠡᠳᠲᠡ ᠠᠮᠵᠢᠯᠲᠠ ᠪᠦᠲᠦᠮᠵᠢ ᠶᠢ ᠭᠦᠶᠴᠡᠳ ᠨᠤᠲᠠᠯᠠᠵᠤ᠂ ᠲᠦᠷᠢᠮ ᠲᠤᠬᠳᠠᠭᠠᠯ ᠶᠣᠰᠣᠭᠠᠷ ᠨᠠᠮ ᠢ ᠵᠠᠰᠠᠬᠤ ᠶᠢ ᠭᠦᠨᠵᠡᠭᠡᠶᠢᠷᠡᠭᠦᠯᠬᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠰᠢᠨ᠎ᠡ ᠠᠶᠠᠨ ᠳᠠᠬᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠨᠠᠩ ᠲᠡᠭᠦᠯᠳᠡᠷᠵᠢᠭᠦᠯᠵᠤ᠂ ᠲᠦᠷᠢᠮ ᠢ ᠨᠠᠩ ᠴᠢᠩᠭ᠎ᠠ ᠬᠡᠷᠡᠭᠵᠢᠭᠦᠯᠵᠤ᠂ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠶ ᠭᠡᠵᠦ ᠢᠯᠡᠳᠭᠡᠪᠡ᠃
ᠸᠠᠩ ᠬᠣ᠋ ᠨᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠪᠠ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠠᠴᠠ ᠡᠭᠦᠰᠴᠤ᠂ ᠨᠠᠮ ᠦᠨᠳᠦᠰᠦᠨ ᠬᠠᠤᠯᠢ ᠬᠠᠤᠯᠢ ᠴᠠᠭᠠᠵᠠ ᠶᠢ ᠦᠨᠳᠦᠰᠦᠯᠡᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠬᠡᠷᠡᠭᠳᠡᠢ ᠪᠠᠷ ᠪᠠᠷᠠᠬᠤ ᠦᠭᠡᠢ ᠪᠠᠰᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠦᠨᠳᠦᠰᠦᠯᠡᠨ ᠨᠠᠮ ᠢ ᠬᠠᠮᠢᠶᠠᠷᠴᠤ ᠨᠠᠮ ᠢ ᠵᠠᠰᠠᠬᠤ ᠬᠡᠷᠡᠭᠲᠡᠢ ᠭᠡᠵᠦ ᠪᠦᠲᠦᠭᠡᠯᠴᠢ ᠴᠢᠨᠠᠷᠲᠠᠢ ᠪᠠᠷ ᠲᠤᠷᠠᠳᠤᠨ ᠭᠠᠷᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠮᠠᠰᠢ ᠤᠯᠠᠨ ᠴᠢᠬᠤᠯᠠ ᠨᠤᠲᠠᠯᠠᠯᠲᠠ ᠪᠠ ᠭᠦᠨᠵᠡᠭᠡᠢ ᠥᠭᠦᠯᠡᠯᠲᠡ ᠬᠢᠵᠡᠢ᠃ ᠶᠡᠷᠦᠩᠬᠡᠶ ᠱᠦᠵᠢ ᠰᠢ ᠶᠢᠨ ᠫᠢᠩ ᠤᠨ ᠲᠦᠷᠢᠮ ᠲᠤᠬᠳᠠᠭᠠᠯ ᠶᠣᠰᠣᠭᠠᠷ ᠨᠠᠮ ᠢ ᠵᠠᠰᠠᠬᠤ ᠲᠤᠬᠠᠶ ᠴᠢᠬᠤᠯᠠ ᠥᠭᠦᠯᠡᠯᠲᠡ ᠨᠢ᠂ ᠲᠦ᠋ᠷᠢᠮ ᠲᠤᠬᠳᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠦᠨᠳᠦᠰᠦᠨ ᠠᠰᠠᠭᠤᠳᠠᠯ ᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠦ᠂ ᠨᠠᠮ ᠤᠨ ᠪᠠᠶᠢᠭᠤᠯᠤᠯᠲᠠ ᠪᠠ ᠨᠠᠮ ᠤᠨ ᠤᠷᠲᠤ ᠬᠤᠭᠤᠴᠠᠭ᠎ᠠ ᠪᠠᠷ ᠲᠦᠷᠦ ᠪᠠᠷᠢᠬᠤ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠪᠤᠯᠬᠤ ᠶᠤᠮ᠃ ᠰᠢᠨ᠎ᠡ ᠠᠶᠠᠨ ᠵᠠᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠢᠯᠡᠳᠭᠡᠪᠡ᠃
ᠳ᠋ᠢᠩ ᠰᠢᠤᠸᠠᠢ ᠰᠢᠶᠠᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠬᠤᠷᠠᠯ ᠢ ᠡᠷᠬᠢᠯᠡᠪᠡ᠃ ᠶᠠᠩ ᠰᠢᠶᠤᠤ ᠳ᠋ᠦ᠋᠂ ᠴᠧᠨ ᠰᠢ᠂ ᠭᠦᠸᠧ ᠱᠧᠩ ᠺᠦᠨ᠂ ᠬᠤᠸᠠᠩ ᠺᠦᠨ ᠮᠢᠩ ᠬᠤᠷᠠᠯ ᠳᠤ ᠣᠷᠣᠯᠴᠠᠵᠠᠢ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠰᠧᠴᠤᠸᠠᠨ ᠮᠤᠵᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠵᠡᠷᠭᠡ ᠣᠷᠣᠨ ᠨᠤᠲᠤᠭ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃