ᠵᠤᠬᠢᠶᠠᠭᠴᠢ: ᠴᠠᠭ:2021-12-24 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠣ᠋ ᠠᠭᠤᠯᠵᠠᠯᠲᠠ ᠬᠢᠪᠡ

 

ᠰᠢᠨᠬᠤᠸᠠ ᠬᠤᠷᠢᠶᠠᠨ ᠤ ᠪᠡᠭᠡᠵᠢᠩ ᠤᠨ 2021  12  ᠰᠠᠷ᠎ᠠ ᠶᠢᠨ 15 ᠤ  ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 12   ᠰᠠᠷ᠎ᠠ ᠶᠢᠨ 15 ᠤ ᠦᠳᠡ ᠶᠢᠨ ᠬᠤᠶᠢᠨ᠎ᠠ ᠪᠡᠭᠡᠵᠢᠩ ᠠᠴᠠ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠣ᠋ ᠠᠭᠤᠯᠵᠠᠯᠲᠠ ᠬᠢᠪᠡ᠃  

ᠰᠢ ᠶᠢᠨ ᠫᠢᠩ᠂ ᠵᠢᠯ ᠤᠨ ᠡᠴᠦᠰ ᠲᠤ ᠲᠠᠨ ᠲᠠᠢ ᠡᠨᠡ ᠵᠢᠯ ᠬᠤᠶᠠᠳᠤᠭᠠᠷ ᠤᠳᠠᠭ᠎ᠠ ᠸᠢᠳᠢᠣ᠋ ᠠᠭᠤᠯᠵᠠᠯᠲᠠ ᠬᠢᠭᠰᠡᠨ ᠳᠡᠭᠡᠨ ᠮᠠᠰᠢ ᠪᠠᠶᠠᠷᠯᠠᠵᠤ ᠪᠠᠶᠢᠨ᠎ᠠ᠂ ᠡᠨᠡ  ᠨᠢ ᠪᠠᠰᠠ 2013 ᠣᠨ ᠠᠴᠠ ᠨᠠᠭᠠᠰᠢᠬᠢ ᠪᠢᠳᠡᠨ ᠤ ᠭᠤᠴᠢᠨ ᠳᠣᠯᠣᠳᠤᠭᠠᠷ ᠤᠳᠠᠭ᠎ᠠ ᠶᠢᠨ ᠠᠭᠤᠯᠵᠠᠯᠲᠠ ᠪᠣᠯᠤᠨ᠎ᠠ᠃ ᠲᠠ ᠤᠯᠠᠨ ᠲᠠᠯᠠᠪᠤᠷ ᠲᠤ ᠳᠤᠮᠳᠠᠳᠤ ᠤᠷᠤᠰ ᠤᠨ ᠬᠠᠷᠢᠯᠴᠠᠭ᠎ᠠ ᠪᠣᠯ 《21 ᠳ᠋ᠤᠭᠡᠷ ᠵᠠᠭᠤᠨ ᠤ ᠤᠯᠤᠰ ᠤᠳ ᠤᠨ ᠬᠤᠭᠤᠷᠤᠨᠳᠤᠬᠢ ᠬᠠᠮᠵᠢᠯᠴᠠᠭᠠᠨ ᠤ ᠬᠡᠪ ᠳᠠᠭᠤᠷᠢᠶᠠᠯ ᠮᠥᠨ》 ᠭᠡᠵᠦ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠲᠤᠰ ᠤᠯᠤᠰ ᠤᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ᠳᠤᠮᠳᠠᠳᠤ ᠤᠷᠤᠰ ᠢ ᠵᠠᠪᠰᠠᠷᠳᠠᠭᠤᠯᠬᠤ ᠭᠤᠷᠢᠳᠠᠯᠭ᠎ᠠ ᠶᠢ ᠡᠰᠡᠷᠭᠦᠴᠡᠪᠡ᠃ ᠪᠢ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠳᠤᠷᠠᠲᠠᠶ᠎ᠠ ᠲᠠᠨ ᠲᠠᠢ ᠬᠠᠮᠲᠤ ᠪᠠᠷ᠂ ᠡᠨᠡ ᠵᠢᠯ ᠤᠨ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠳᠤ ᠰᠢᠨ᠎ᠡ ᠲᠥᠯᠥᠪᠵᠢᠭᠦᠯᠭᠡ ᠬᠢᠵᠦ᠂ ᠬᠤᠶᠠᠷ ᠤᠯᠤᠰ ᠤᠨ ᠬᠠᠷᠢᠯᠴᠠᠭᠠᠨ ᠤ ᠦᠷᠭᠦᠯᠵᠢᠯᠡᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠰᠣᠯᠪᠢᠴᠠᠨ ᠨᠥᠯᠥᠭᠡᠯᠡᠵᠦ᠂ ᠳᠡᠯᠡᠬᠡᠢ ᠳ᠋ᠠᠬᠢᠨ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠳᠤᠮᠳᠠᠳᠤ ᠤᠷᠤᠰ ᠤᠨ ᠬᠠᠷᠢᠯᠴᠠᠭ᠎ᠠ ᠡᠯ᠎ᠡ ᠵᠦᠢᠯ ᠤᠨ ᠰᠠᠯᠬᠢ ᠳᠠᠪᠠᠯᠭᠠᠨ ᠤ ᠰᠢᠯᠭᠠᠯᠲᠠ ᠶᠢ ᠳᠠᠭᠠᠭᠠᠵᠤ᠂ ᠰᠢᠨ᠎ᠡ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ ᠪᠢ ᠶᠡᠷᠦᠩᠬᠡᠶᠢᠯᠡᠭᠴᠢ ᠠᠪᠤᠭᠠᠢ ᠲᠠᠢ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠤᠯᠤᠯᠴᠠᠭ᠎ᠠ ᠵᠣᠬᠢᠴᠠᠭᠤᠯᠭ᠎ᠠ ᠪᠠᠨ ᠪᠠᠲᠤᠯᠠᠵᠤ᠂ ᠬᠠᠮᠲᠤ ᠪᠠᠷ ᠳᠤᠮᠳᠠᠳᠤ ᠤᠷᠤᠰ ᠤᠨ ᠬᠠᠷᠢᠯᠴᠠᠭ᠎ᠠ ᠶᠢᠨ ᠵᠠᠯᠠᠭᠤᠷ ᠢ ᠪᠠᠷᠢᠨ ᠠᠶᠠᠯᠠᠯ ᠢ ᠳᠠᠭᠠᠭᠤᠯᠪᠠ᠃ ᠬᠤᠶᠠᠷ ᠲᠠᠯ᠎ᠠ ᠪᠠᠷ ᠢᠶᠠᠨ 《ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ》 ᠶᠢᠨ ᠬᠤᠭᠤᠴᠠᠭ᠎ᠠ ᠶᠢ ᠤᠷᠳᠤᠳᠬᠠᠬᠤ ᠶᠢ ᠠᠯᠪᠠᠨ  ᠨᠡᠶᠢᠳᠡᠯᠡᠬᠦ ᠶᠢᠨ ᠬᠠᠮᠲᠤ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ  ᠡᠷᠡᠰ ᠲᠡᠮᠵᠢᠯᠴᠡᠵᠥ᠂ ᠲᠤᠰ ᠲᠤᠰ ᠤᠨ ᠢᠶᠠᠨ ᠤᠯᠤᠰ ᠤᠨ ᠨᠡᠷ᠎ᠡ ᠬᠦᠨᠳᠦ ᠪᠣᠯᠤᠨ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠠᠢ ᠭᠡᠵᠦ ᠴᠢᠬᠤᠯᠠᠴᠢᠯᠠᠪᠠ᠃  

ᠰᠢ ᠶᠢᠨ ᠫᠢᠩ᠂ ᠳᠤᠮᠳᠠᠳᠤ ᠤᠷᠤᠰ ᠤᠨ ᠪᠦᠬᠦ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠯᠤᠲᠤ ᠶᠡᠭᠡ ᠤᠯᠤᠰ ᠲᠦᠷᠦ ᠶᠢᠨ ᠳᠠᠪᠠᠭᠤᠯᠢᠭ ᠪᠠ ᠠᠵᠠ ᠲᠣᠬᠢᠶᠠᠯ ᠤᠨ ᠳᠠᠪᠠᠭᠤᠯᠢᠭ ᠢᠶᠠᠨ ᠢᠯᠡᠷᠡᠭᠦᠯᠪᠡ᠃ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠲᠦᠷᠦᠭᠦᠦ ᠭᠤᠷᠪᠠᠨ ᠤᠯᠠᠷᠢᠯ ᠳᠤ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠳ᠋ᠣᠯᠯᠠᠷ ᠤᠨ ᠪᠣᠭᠤᠮᠲᠠ ᠶᠢ ᠳᠠᠪᠠᠵᠤ᠂ ᠪᠥᠬᠦ ᠵᠢᠯ ᠳᠤ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠪᠣᠯᠤᠮᠵᠢ ᠲᠠᠢ ᠪᠠᠶᠢᠨ᠎ᠠ᠃ ᠳᠤᠮᠳᠠᠳᠤ ᠤᠷᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠨ ᠲᠡᠭᠦᠰ ᠠᠮᠵᠢᠯᠲᠠ ᠲᠠᠢ ᠥᠨᠳᠥᠷᠯᠡᠵᠦ᠂ ᠠᠯᠢ ᠤᠯᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠮᠤ ᠲᠦᠷᠦᠯ ᠵᠦᠢᠯ ᠤᠷᠤᠭᠰᠢᠲᠠᠢ ᠬᠡᠷᠡᠭᠵᠢᠭᠦᠯᠦᠭᠳᠡᠵᠦ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠳᠦᠭᠡᠨ ᠪᠠᠶᠢᠭᠤᠯᠬᠤ ᠶᠢ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠲᠠᠢ ᠵᠣᠯᠭᠠᠭᠤᠯᠬᠤ ᠠᠵᠢᠯ ᠢ ᠤᠷᠤᠭᠰᠢᠲᠠᠢ ᠠᠬᠢᠭᠤᠯᠪᠠ᠃ ᠬᠤᠶᠠᠷ ᠤᠯᠤᠰ ᠢᠶᠠᠷ ᠢᠶᠠᠨ ᠲᠤᠮᠤ ᠤᠯᠤᠰ ᠤᠨ ᠬᠠᠷᠢᠭᠤᠴᠠᠯᠭ᠎ᠠ ᠡᠭᠦᠷᠭᠡᠯᠡᠯ ᠢ ᠢᠳᠡᠪᠬᠢᠲᠡᠢ ᠢᠯᠡᠷᠡᠭᠦᠯᠵᠦ᠂ ᠳᠡᠯᠡᠬᠡᠢ ᠨᠡᠶᠢᠭᠡᠮ ᠲᠠᠢ ᠪᠦᠯᠬᠦᠮᠳᠡᠨ ᠬᠢᠵᠢᠭ ᠲᠠᠢ ᠲᠡᠮᠡᠴᠡᠵᠦ᠂ ᠠᠷᠠᠳᠴᠢᠯᠠᠯ ᠪᠣᠯᠤᠨ ᠬᠥᠮᠦᠨ ᠤ ᠡᠷᠬᠡ ᠶᠢᠨ ᠵᠥᠪ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ᠂ ᠳᠡᠯᠡᠬᠡᠢ ᠨᠡᠶᠢᠬᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠭᠤᠣᠯ ᠲᠤᠯᠭᠠᠭᠤᠷᠢ ᠪᠣᠯᠵᠠᠢ ᠬᠡᠵᠥ ᠵᠢᠭᠠᠵᠥ ᠭᠠᠷᠭᠠᠪᠠ᠃  

ᠰᠢ ᠶᠢᠨ ᠫᠢᠩ᠂ ᠢᠷᠡᠬᠦ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠶᠡᠭᠡ ᠬᠤᠷᠠᠯ ᠢᠶᠠᠨ ᠬᠤᠷᠠᠯᠳᠤᠭᠤᠯᠵᠤ᠂ ᠤᠷᠤᠰ ᠤᠨ ᠬᠢᠨ 《2030 ᠣᠨ ᠠᠴᠠ ᠡᠮᠦᠨᠡᠬᠢ ᠤᠯᠤᠰ ᠤᠨ ᠬᠥᠭᠵᠢᠯᠲᠡ ᠶᠢᠨ ᠬᠠᠷᠠᠯᠲᠠ》 ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠤᠯᠤᠨ᠎ᠠ᠃ ᠬᠤᠶᠠᠷ ᠲᠠᠯ᠎ᠠ ᠪᠠᠷ ᠢᠶᠠᠨ ᠬᠠᠮᠳᠤ ᠪᠠᠷ ᠡᠳ᠋ᠯᠡᠬᠦ ᠨᠡᠬᠡᠬᠡᠯᠳᠡ ᠬᠢᠬᠦ ᠠᠵᠠ ᠲᠣᠬᠢᠶᠠᠯ ᠢ ᠲᠤᠰ ᠲᠤᠰ ᠲᠠᠭᠠᠨ ᠤᠯᠭᠤᠬᠤ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠵᠥᠪᠯᠡᠬᠦ ᠵᠦᠢᠯ ᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠦᠢᠯᠡᠳᠦᠯ ᠢᠶᠠᠨ ᠪᠠᠳᠠᠷᠠᠭᠤᠯᠪᠠᠯ ᠵᠣᠬᠢᠨ᠎ᠠ ᠬᠡᠵᠥ ᠵᠢᠭᠠᠵᠥ ᠭᠠᠷᠭᠠᠪᠠ᠃  

ᠰᠢ ᠶᠢᠨ ᠫᠢᠩ᠂ ᠰᠠᠷ᠎ᠠ ᠭᠠᠷᠤᠢ ᠶᠢᠨ ᠲᠠᠷᠠᠭ᠎ᠠ᠂ ᠲᠠ ᠳᠤᠮᠳᠠᠳᠤ ᠤᠯᠤᠰ ᠲᠤ ᠠᠶᠢᠯᠴᠢᠯᠠᠬᠤ ᠪᠥᠭᠡᠳ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠡᠪᠤᠯ ᠤᠨ ᠤᠯᠠᠷᠢᠯ ᠤᠨ ᠤᠯᠢᠮᠫᠢᠺ ᠤᠨ  ᠳᠠᠮᠢᠷ ᠤᠨ ᠴᠤᠬᠯᠠᠭᠠᠨ ᠢ ᠡᠷᠬᠢᠯᠡᠬᠦ ᠶᠢ ᠲᠡᠮᠵᠢᠵᠦ ᠪᠠᠶᠢᠬᠤ ᠪᠠᠨ ᠬᠠᠷᠠᠭᠤᠯᠬᠤ ᠪᠣᠯᠤᠨ᠎ᠠ᠃ ᠪᠡᠭᠡᠵᠢᠩ ᠤᠳᠠᠯ ᠦᠭᠡᠢ ᠳᠡᠯᠡᠬᠡᠶ ᠳᠡᠭᠡᠷᠡᠬᠢ ᠠᠩᠬᠠᠳᠠᠭᠴᠢ ᠵᠤᠨ ᠤ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠢ ᠡᠷᠬᠢᠯᠡᠵᠦ ᠥᠩᠭᠡᠷᠡᠭᠰᠡᠨ ᠮᠥᠷᠲᠡᠭᠡᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠢ ᠡᠷᠬᠢᠯᠡᠵᠦ ᠥᠩᠭᠡᠷᠡᠭᠰᠡᠨ ᠬᠤᠲᠠ ᠪᠣᠯᠬᠤ ᠪᠣᠯᠤᠨ᠎ᠠ᠃ ᠣᠳᠣᠬᠠᠨ ᠳᠤ᠂ ᠪᠢᠳᠡ ᠶᠠᠭ 《ᠠᠷᠪᠢᠴᠢ ᠭᠠᠮᠲᠠᠶ᠂ ᠠᠮᠤᠷ ᠲᠦᠪᠰᠢᠨ᠂ ᠭᠤᠶᠢᠳᠠ ᠰᠠᠶᠢᠬᠠᠨ》 ᠪᠠᠶᠢᠬᠤ ᠵᠠᠷᠴᠢᠮ ᠶᠣᠰᠣᠭᠠᠷ ᠪᠥᠬᠦ ᠬᠦᠴᠦᠨ ᠢᠶᠠᠷ ᠢᠶᠠᠨ ᠪᠡᠯᠡᠳᠭᠡᠵᠦ᠂ ᠡᠯ᠎ᠡ ᠵᠦᠶᠯ ᠤᠨ ᠠᠵᠢᠯ ᠨᠢᠭᠡᠨᠲᠡ ᠦᠨᠳᠦᠰᠦᠨ ᠳᠡᠭᠡᠨ ᠪᠡᠯᠡᠬᠡᠨ ᠪᠣᠯᠪᠠ᠃ ᠪᠢᠳᠡ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠷᠢᠯᠴᠠᠨ ᠠᠶᠢᠯᠴᠢᠯᠠᠯᠲᠠ ᠶᠢ ᠪᠡᠶᠡᠯᠡᠭᠦᠯᠵᠦ᠂ ᠢᠷᠡᠬᠦ ᠬᠤᠶᠠᠷ ᠵᠢᠯ ᠳᠤ ᠳᠤᠮᠳᠠᠳᠤ ᠤᠷᠤᠰ ᠪᠠᠰᠠ ᠳᠤᠮᠳᠠᠳᠤ ᠤᠷᠤᠰ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠣᠨ ᠢ ᠡᠷᠬᠢᠯᠡᠬᠦ ᠪᠣᠯᠤᠨ᠎ᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ ᠬᠤᠶᠠᠷ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠪᠠ ᠨᠥᠬᠦᠷᠯᠡᠯ ᠢ ᠵᠤᠵᠠᠭᠠᠳᠬᠠᠬᠤ ᠬᠥᠭᠦᠷᠭᠡ ᠬᠤᠯᠪᠣᠭᠠᠰᠤ ᠪᠣᠯᠭᠠᠶ᠎ᠠ᠃ ᠲᠠᠨ ᠤ ᠡᠨᠡ ᠤᠳᠠᠭᠠᠨ ᠤ ᠳᠤᠮᠳᠠᠳᠤ ᠤᠯᠤᠰ ᠲᠠᠬᠢ ᠠᠶᠢᠯᠴᠢᠯᠠᠯᠲᠠ ᠪᠣᠯ ᠪᠢᠳᠡᠨ ᠤ ᠣᠶᠢᠷ᠎ᠠ ᠶᠢᠨ ᠬᠤᠶᠠᠷ ᠵᠢᠯ ᠤᠨ ᠲᠤᠷᠰᠢᠬᠢ ᠠᠩᠬᠠᠳᠤᠭᠠᠷ ᠤᠳᠠᠭᠠᠨ ᠤ ᠪᠤᠳᠠᠳᠤ ᠠᠬᠤᠢ ᠶᠢᠨ ᠠᠭᠤᠯᠵᠠᠯᠲᠠ ᠪᠣᠯᠤᠨ᠎ᠠ᠃ ᠪᠢ ᠲᠠᠨ ᠲᠠᠢ ᠲᠤᠬᠠᠢ ᠶᠢᠨ ᠦᠶ᠎ᠡ ᠳᠤ ᠬᠤᠶᠠᠷ ᠲᠠᠯ᠎ᠠ ᠶᠢᠨ ᠬᠠᠷᠢᠯᠴᠠᠭ᠎ᠠ᠂ ᠴᠢᠬᠤᠯᠠ ᠶᠡᠭᠡ ᠤᠯᠠᠨ ᠤᠯᠤᠰ ᠤᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠶᠢ ᠬᠦᠰᠡᠵᠦ ᠪᠠᠶᠢᠨ᠎ᠠ᠂ ᠪᠢᠳᠡ ᠨᠡᠩ ᠤᠯᠠᠨ ᠰᠢᠨ᠎ᠡ ᠴᠢᠬᠤᠯᠠ ᠬᠠᠮᠲᠤ ᠶᠢᠨ ᠲᠠᠨᠢᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠮᠠᠨ ᠤ 《ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠤ ᠪᠣᠯᠵᠤᠭ᠎ᠠ》 ᠳᠤ ᠪᠢ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠳᠤᠷᠠᠲᠠᠶ᠎ᠠ ᠲᠠᠨ ᠲᠠᠢ ᠭᠠᠷ ᠬᠤᠯᠪᠣᠨ 《ᠬᠠᠮᠲᠤ ᠪᠠᠷ ᠢᠷᠡᠭᠡᠳᠦᠢ ᠲᠡᠶᠢᠰᠢ ᠤᠷᠤᠭᠰᠢᠯᠠᠵᠤ》 ᠂ ᠬᠢᠵᠢᠭ ᠤᠨ ᠳᠠᠷᠠᠭᠠᠬᠢ ᠬᠤᠭᠤᠴᠠᠭᠠᠨ ᠤ ᠳᠤᠮᠳᠠᠳᠤ ᠤᠷᠤᠰ ᠤᠨ ᠬᠠᠷᠢᠯᠴᠠᠭᠠᠨ ᠤ ᠴᠣ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠬᠡᠵᠥ ᠴᠢᠬᠤᠯᠠᠴᠢᠯᠠᠪᠠ᠃

ᠰᠢ ᠶᠢᠨ ᠫᠢᠩ᠂ ᠲᠦᠷᠦᠭᠦᠬᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠠᠮᠵᠢᠯᠲᠠ ᠲᠠᠢ ᠬᠤᠷᠠᠯᠳᠤᠵᠤ᠂ ᠬᠤᠷᠠᠯ ᠠᠴᠠ ᠰᠢᠨ᠎ᠡ ᠲᠡᠦᠬᠡᠨ ᠰᠢᠢᠳᠪᠦᠷᠢ ᠶᠢ ᠪᠠᠲᠤᠯᠠᠨ ᠨᠡᠶᠢᠲᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠪᠡ᠃ ᠮᠠᠨ ᠤ ᠬᠠᠷᠠᠯᠲᠠ ᠪᠣᠯ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠪᠦᠬᠦ ᠳᠤᠮᠳᠠᠳᠤ ᠤᠯᠤᠰ ᠤᠨ ᠠᠷᠠᠳ ᠲᠦᠮᠡᠨ ᠢ ᠴᠥᠮ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ ᠭᠡᠵᠦ ᠪᠢ ᠦᠷᠭᠦᠯᠵᠢ ᠬᠡᠯᠡᠳᠡᠭ ᠪᠢᠯᠡ᠃ ᠠᠷᠠᠳ ᠲᠦᠮᠡᠨ ᠢᠶᠠᠷ ᠭᠤᠤᠯ ᠪᠣᠯᠭᠠᠬᠤ ᠪᠣᠯ ᠮᠠᠨ ᠤ ᠲᠥᠷᠥ ᠪᠠᠷᠢᠬᠤ ᠦᠨᠳᠦᠰᠦᠨ ᠣᠶᠢᠯᠠᠭᠠᠭᠳᠠᠬᠤᠨ ᠮᠥᠨ᠃ ᠳᠤᠮᠳᠠᠳᠤ ᠤᠷᠤᠰ ᠬᠤᠶᠠᠷ ᠤᠯᠤᠰ ᠪᠣᠯ ᠴᠥᠮ ᠳᠡᠯᠡᠬᠡᠢ ᠳ᠋ᠠᠬᠢᠨ ᠳᠤ ᠨᠥᠯᠥᠭᠡ ᠶᠡᠭᠡ ᠲᠠᠢ ᠲᠤᠮᠤ ᠤᠯᠤᠰ ᠮᠥᠨ ᠪᠦᠭᠡᠳ ᠪᠠᠰᠠ ᠴᠥᠮ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠡᠷᠢᠵᠦ ᠣᠯᠤᠭᠰᠠᠨ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠤᠷᠤᠰ ᠤᠨ ᠬᠢᠨ ᠤ ᠤᠯᠤᠰ ᠤᠨ ᠥᠨᠢ ᠮᠦᠡᠭᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠷᠡᠰ ᠳᠡᠮᠵᠢᠨ᠎ᠠ᠃ ᠪᠢ ᠳᠤᠷᠠᠲᠠᠶ᠎ᠠ ᠲᠠᠨ ᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠦᠷᠭᠦᠯᠵᠢ ᠦᠨᠡᠨᠴᠢ ᠪᠠᠷ ᠭᠦᠨᠵᠡᠭᠡᠢ ᠰᠣᠯᠢᠯᠴᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠦᠷᠭᠦᠯᠵᠢᠯᠡᠨ ᠥᠨᠳᠥᠷ ᠲᠦᠪᠰᠢᠨ ᠢᠶᠠᠷ ᠬᠥᠭᠵᠢᠬᠦ ᠶᠢ ᠬᠠᠮᠲᠤ ᠪᠠᠷ ᠬᠦᠳᠦᠯᠦᠨ ᠳᠠᠭᠠᠭᠤᠯᠵᠤ᠂ ᠬᠤᠶᠠᠷ ᠤᠯᠤᠰ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠬᠦᠳᠦᠯᠦᠨ ᠳᠠᠭᠠᠭᠤᠯᠤᠨ᠎ᠠ ᠭᠡᠵᠦ ᠵᠢᠭᠠᠵᠤ ᠭᠠᠷᠭᠠᠪᠠ᠃  

ᠰᠢ ᠶᠢᠨ ᠫᠢᠩ᠂ ᠣᠳᠣᠬᠠᠨ ᠳᠤ ᠳᠡᠯᠡᠬᠡᠢ ᠳᠡᠭᠡᠷᠡᠬᠢ ᠵᠠᠷᠢᠮ ᠬᠦᠴᠦᠨ 《ᠠᠷᠠᠳᠴᠢᠯᠠᠯ》《ᠬᠥᠮᠦᠨ ᠤ ᠡᠷᠬᠡ》 ᠶᠢᠨ ᠨᠡᠷ᠎ᠡ ᠪᠠᠷ ᠳᠤᠮᠳᠠᠳᠤ ᠤᠷᠤᠰ ᠬᠤᠶᠠᠷ ᠤᠯᠤᠰ ᠤᠨ ᠳᠣᠲᠣᠭᠠᠳᠤ ᠶᠠᠪᠤᠳᠠᠯ ᠳᠤ ᠬᠥᠨᠳᠡᠯᠡᠨ ᠢᠶᠠᠷ ᠭᠠᠷ ᠲᠦᠷᠦᠵᠤ᠂ ᠤᠯᠠᠨ ᠤᠯᠤᠰ ᠤᠨ ᠬᠠᠤᠯᠢ ᠪᠣᠯᠤᠨ ᠨᠡᠶᠢᠲᠡ ᠪᠠᠷ ᠢᠶᠠᠨ ᠮᠡᠳᠡᠷᠡᠭᠰᠡᠨ ᠤᠯᠠᠨ ᠤᠯᠤᠰ ᠤᠨ ᠬᠠᠷᠢᠯᠴᠠᠭᠠᠨ ᠤ ᠪᠠᠷᠢᠮᠵᠢᠶ᠎ᠠ ᠶᠢ ᠪᠦᠳᠦᠭᠦᠯᠢᠭ ᠢᠶᠠᠷ ᠲᠠᠯᠬᠢᠳᠠᠵᠤ ᠪᠠᠶᠢᠨ᠎ᠠ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠨᠡᠩ ᠤᠯᠠᠨ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠬᠤᠶᠠᠷ ᠲᠠᠯ᠎ᠠ ᠶᠢᠨ ᠠᠮᠤᠷ ᠲᠦᠪᠰᠢᠨ ᠠᠰᠢᠭ ᠲᠤᠰᠠ ᠪᠠᠨ ᠨᠡᠩ ᠪᠦᠲᠦᠮᠵᠢᠲᠡᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠠᠯ᠎ᠠ ᠪᠠᠷ ᠨᠡᠩ ᠬᠠᠩᠭᠢᠨᠠᠮ᠎ᠠ ᠳᠠᠭᠤᠨ ᠢ ᠴᠤᠤᠷᠢᠶᠠᠲᠤᠭᠤᠯᠵᠤ᠂ ᠬᠢᠵᠢᠭ ᠲᠠᠢ ᠲᠡᠮᠡᠴᠡᠬᠦ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠤᠨ ᠲᠤᠬᠠᠢ ᠦᠨᠡᠨ ᠬᠦ ᠭᠡᠷᠡᠭᠵᠢᠬᠦᠯᠵᠦ ᠪᠤᠯᠬᠤᠶᠢᠴᠠ ᠲᠥᠰᠦᠯ ᠭᠠᠷᠭᠠᠵᠤ᠂ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤᠮᠳᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ 《ᠤᠯᠠᠨ ᠲᠠᠯᠠᠲᠤ ᠦᠵᠡᠯ》 ᠪᠠ 《ᠲᠦᠷᠢᠮ》 ᠤᠨ ᠵᠠᠩᠴᠢ ᠶᠢ ᠨᠦᠮᠦᠷᠦᠭᠰᠡᠨ ᠡᠵᠡᠷᠬᠡᠬᠦ ᠠᠵᠢᠯᠯᠠᠭ᠎ᠠ ᠪᠠ ᠬᠦᠢᠳᠡᠨ ᠳᠠᠶᠢᠨ ᠤ ᠰᠡᠳᠭᠢᠬᠦᠢ ᠶᠢ ᠡᠷᠡᠰ ᠡᠰᠡᠷᠭᠦᠴᠡᠶ᠎ᠡ ᠭᠡᠵᠤ ᠵᠢᠭᠠᠵᠤ ᠭᠠᠷᠭᠠᠪᠠ᠃  

ᠰᠢ ᠶᠢᠨ ᠫᠢᠩ᠂ ᠨᠢᠳᠤᠨᠤᠨ ᠠᠴᠠ ᠨᠠᠭᠠᠰᠢ ᠳᠤᠮᠳᠠᠳᠤ ᠣᠷᠣᠰ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠬᠤᠶᠠᠷ ᠲᠠᠯ᠎ᠠ ᠶᠢᠨ ᠬᠠᠷᠢᠯᠴᠠᠭᠠᠨ ᠤ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠥᠭᠡᠳ ᠳᠡᠯᠡᠬᠡᠶ ᠨᠡᠶᠢᠭᠡᠮ ᠢᠶᠠᠷ ᠢᠶᠠᠨ ᠪᠦᠯᠬᠦᠮᠳᠡᠨ ᠬᠢᠵᠢᠭ ᠲᠠᠢ ᠲᠡᠮᠡᠴᠡᠬᠦ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃ ᠬᠤᠶᠠᠷ ᠲᠠᠯ᠎ᠠ ᠪᠠᠷ ᠢᠶᠠᠨ ᠢᠯᠡᠭᠦᠬᠡᠨ ᠠᠷᠭ᠎ᠠ ᠪᠤᠳᠤᠵᠤ᠂ ᠢᠵᠢᠯᠢ ᠴᠢᠭᠯᠡᠯ ᠢᠶᠠᠷ ᠤᠷᠤᠭᠰᠢᠯᠠᠵᠤ᠂ ᠬᠢᠵᠢᠭ ᠤᠨ ᠪᠠᠶᠢᠳᠠᠯ ᠤᠨ ᠬᠢᠯᠢ ᠰᠤᠨᠳᠠᠯᠠᠨ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠭᠰᠡᠨ ᠤᠷᠢᠲᠠᠯ ᠳᠣᠣᠷ᠎ᠠ᠂ 《ᠲᠦᠭᠵᠢᠷᠡᠯ》 ᠢ ᠰᠢᠯᠤᠭᠤᠳᠬᠠᠬᠤ ᠪᠣᠳᠠᠲᠠᠢ ᠠᠷᠭ᠎ᠠ ᠬᠡᠮᠵᠢᠶ᠎ᠡ ᠶᠢ ᠨᠡᠩ ᠤᠯᠠᠨ ᠨᠠᠶᠢᠳᠠᠪᠤᠷᠢᠵᠢᠭᠤᠯᠤᠶ᠎ᠠ᠃ ᠪᠢᠳᠡ ᠪᠠᠰᠠ ᠳᠤᠷᠠᠲᠠᠶ᠎ᠠ ᠣᠷᠣᠰ ᠯᠤᠭ᠎ᠠ ᠸᠢᠷᠦ᠋ᠰ ᠢ ᠪᠠᠶᠢᠴᠠᠭᠠᠨ ᠰᠢᠯᠭᠠᠬᠤ᠂ ᠸᠠᠺᠼᠢᠨ ᠪᠠ ᠡᠮ ᠲᠠᠩ ᠢ ᠰᠤᠳᠤᠯᠤᠨ ᠨᠡᠭᠡᠭᠡᠬᠦ ᠲᠠᠯ᠎ᠠ ᠶᠢᠨ ᠬᠠᠮᠲᠤᠷᠠᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠨ᠎ᠠ ᠭᠡᠵᠤ ᠵᠢᠭᠠᠵᠤ ᠭᠠᠷᠭᠠᠪᠠ᠃  

ᠰᠢ ᠶᠢᠨ ᠫᠢᠩ᠂ ᠰᠢᠨ᠎ᠡ ᠪᠠᠶᠢᠳᠠᠯ ᠳᠣᠣᠷ᠎ᠠ᠂ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠬᠠᠮᠲᠤᠷᠠᠯᠴᠠᠭᠠᠨ ᠤ ᠪᠣᠭᠤᠷᠰᠤᠭ ᠢ ᠪᠤᠵᠠᠭᠠᠶᠢᠷᠠᠭᠤᠯᠤᠶ᠎ᠠ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠬᠢᠶᠠᠯ ᠢ ᠠᠮᠵᠢᠵᠤ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠲᠦᠷᠭᠡᠳᠭᠡᠶ᠎ᠠ᠃ ᠳᠤᠮᠳᠠᠳᠤ ᠤᠷᠤᠰ ᠤᠨ ᠡᠨᠧᠷᠭᠢ ᠶᠢᠨ ᠬᠠᠮᠲᠤᠷᠠᠯᠴᠠᠭᠠᠨ ᠤ ᠰᠠᠭᠤᠷᠢ ᠪᠠᠲᠤ ᠪᠠᠬᠢ᠂ ᠨᠡᠶᠢᠯᠡᠯ ᠴᠡᠭ ᠤᠯᠠᠨ ᠪᠠᠶᠢᠳᠠᠭ᠂ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠡᠨᠧᠷᠭᠢ ᠶᠢᠨ ᠬᠠᠮᠲᠤᠷᠠᠯᠴᠠᠭᠠᠨ ᠤ ᠬᠠᠳᠠᠭᠠᠯᠠᠯᠲᠠ ᠶᠢ ᠪᠠᠬᠢᠵᠢᠭᠦᠯᠵᠦ᠂ ᠰᠢᠨ᠎ᠡ ᠡᠨᠧᠷᠭᠢ ᠶᠢᠨ ᠬᠠᠮᠲᠤᠷᠠᠯᠴᠠᠭᠠᠨ ᠤ ᠨᠡᠮᠡᠭᠳᠡᠯ ᠢ ᠨᠥᠬᠦᠪᠥᠷᠢᠯᠡᠨ᠂ ᠴᠥᠮ᠎ᠡ ᠶᠢᠨ ᠡᠨᠧᠷᠭᠢ ᠶᠢᠨ ᠬᠦᠷᠢᠶᠡᠨ ᠳᠠᠬᠢ ᠬᠠᠮ ᠬᠠᠮᠲᠤᠷᠠᠯᠴᠠᠭ᠎ᠠ ᠶᠢ ᠠᠬᠢᠭᠤᠯᠵᠤ᠂ ᠲᠠᠬᠢᠯᠲᠠ ᠡᠨᠧᠷᠭᠢ ᠵᠡᠷᠭᠡ ᠰᠢᠨ᠎ᠡ ᠬᠠᠮᠲᠤᠷᠠᠯᠴᠠᠭᠠᠨ ᠤ ᠴᠢᠭᠯᠡᠯ ᠢ ᠰᠦᠪᠡᠭᠴᠢᠯᠡᠨ ᠥᠷᠭᠡᠳᠭᠡᠶ᠎ᠡ ᠭᠡᠵᠤ ᠵᠢᠭᠠᠵᠤ ᠭᠠᠷᠭᠠᠪᠠ᠃  

ᠰᠢ ᠶᠢᠨ ᠫᠢᠩ᠂ ᠡᠨᠡ ᠵᠢᠯ ᠤᠨ 9  ᠰᠠᠷ᠎ᠠ ᠳᠤ᠂ ᠪᠢ ᠲᠠᠯᠠᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠪᠠ᠃ ᠡᠨᠡ ᠪᠣᠯ ᠳᠤᠮᠳᠠᠳᠤ ᠤᠯᠤᠰ ᠡᠯ᠎ᠡ ᠲᠠᠯ᠎ᠠ ᠢᠯᠠᠩᠭᠤᠶ᠎ᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ ᠬᠥᠭᠵᠢᠵᠦ ᠪᠠᠶᠢᠭ᠎ᠠ ᠤᠯᠤᠰ ᠤᠳ ᠲᠤ ᠲᠤᠯᠭᠠᠷᠠᠵᠤ ᠪᠠᠶᠢᠭ᠎ᠠ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠠᠩᠬᠠᠷᠤᠯ ᠢᠶᠠᠨ ᠬᠠᠨᠳᠤᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠪᠠᠷ ᠵᠤᠷᠢᠯᠳᠠ ᠪᠤᠯᠭᠠᠭᠰᠠᠨ ᠪᠦᠬᠦ ᠪᠥᠮᠪᠥᠷᠴᠡᠭ ᠤᠨ ᠪᠠᠰᠠ  ᠤᠯᠠᠨ ᠨᠡᠶᠢᠲᠡ ᠶᠢᠨ  ᠪᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠤᠷᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠠᠬᠢᠭᠤᠯᠬᠤ ᠳᠤ ᠦᠢᠯᠡᠳᠦᠯ ᠦᠵᠡᠭᠦᠯᠦᠨ᠎ᠡ ᠭᠡᠵᠦ ᠵᠢᠭᠠᠵᠤ ᠭᠠᠷᠭᠠᠪᠠ᠃

ᠭᠠᠵᠠᠷ ᠣᠷᠣᠨ ᠤ ᠬᠠᠮᠲᠤᠷᠠᠯᠴᠠᠭᠠᠨ ᠤ ᠲᠤᠬᠠᠢ ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 ᠵᠢᠯ ᠤᠨ ᠲᠤᠷᠰᠢ ᠳᠤᠮᠳᠠᠳᠤ ᠤᠷᠤᠰ ᠢᠮᠠᠭᠲᠠ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠪᠠᠲᠤᠯᠠᠵᠤ᠂ ᠪᠤᠰᠤᠳ ᠪᠦᠷᠢᠯᠳᠦᠬᠦᠨ ᠤᠯᠤᠰ ᠲᠠᠢ ᠬᠠᠮᠲᠤ ᠪᠠᠷ 《ᠱᠠᠩᠬᠠᠢ ᠶᠢᠨ ᠵᠣᠷᠢᠭ ᠰᠠᠨᠠᠭ᠎ᠠ》 ᠶᠢ ᠡᠷᠡᠰ ᠵᠢᠷᠤᠮᠯᠠᠵᠤ᠂ ᠪᠦᠯᠬᠦᠮᠳᠡᠯ ᠢᠲᠡᠭᠡᠯᠴᠡᠭᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠪᠡ᠃ ᠬᠤᠶᠠᠷ ᠲᠠᠯ᠎ᠠ ᠪᠠᠷ ᠢᠶᠠᠨ ᠲᠤᠰ ᠵᠣᠬᠢᠶᠠᠨ ᠪᠠᠶᠢᠭᠤᠯᠤᠯᠲᠠ ᠶᠢᠨ ᠡᠯ᠎ᠡ ᠪᠦᠷᠢᠯᠳᠦᠬᠦᠨ ᠤᠯᠤᠰ ᠤᠳ ᠤᠯᠤᠰ ᠤᠨ ᠳᠣᠲᠣᠭᠠᠳᠤ ᠶᠢᠨ ᠢᠶᠠᠨ ᠴᠢᠬᠤᠯᠠ ᠤᠯᠤᠰ ᠲᠦᠷᠤ ᠶᠢᠨ ᠵᠥᠪᠯᠡᠬᠦ ᠵᠦᠢᠯ ᠢ ᠲᠣᠭᠲᠠᠭᠤᠨ ᠢᠶᠠᠷ ᠠᠬᠢᠭᠤᠯᠬᠤ ᠶᠢ ᠲᠡᠮᠵᠢᠵᠤ᠂ ᠭᠠᠳᠠᠭᠠᠳᠤ ᠶᠢᠨ ᠬᠦᠴᠦᠨ ᠤ ᠶᠠᠮᠠᠷᠪᠠ ᠰᠢᠯᠲᠠᠭ ᠢᠶᠠᠷ ᠭᠠᠵᠠᠷ ᠣᠷᠣᠨ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠤᠬᠳᠤ ᠵᠥᠪᠰᠢᠶᠡᠷᠡᠬᠦ ᠦᠭᠡᠢ ᠪᠠᠶᠢᠪᠠᠯ ᠵᠤᠬᠢᠨ᠎ᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠵᠥᠪ ᠴᠢᠭᠯᠡᠯ ᠢ ᠪᠠᠲᠤ ᠡᠵᠡᠮᠳᠡᠵᠦ᠂ ᠪᠦᠯᠬᠦᠮᠳᠡᠨ ᠬᠠᠮᠲᠤᠷᠠᠯᠴᠠᠬᠤ᠂ ᠠᠮᠤᠷ ᠲᠦᠪᠰᠢᠨ ᠠᠶᠤᠯ ᠲᠦᠭᠰᠢᠬᠦᠷᠢ ᠶᠢ ᠬᠠᠮᠲᠤ ᠪᠠᠷ ᠡᠭᠦᠷᠭᠡᠯᠡᠬᠦ᠂ ᠨᠡᠭᠡᠭᠡᠯᠲᠡ ᠬᠢᠵᠦ ᠠᠭᠤᠰᠤᠯᠴᠠᠨ ᠨᠡᠪᠲᠡᠷᠡᠯᠴᠡᠬᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠲᠥᠪ ᠭᠤᠣᠯᠴᠢ ᠰᠢᠳᠤᠷᠭᠤ ᠶᠣᠰᠣᠨ ᠤ ᠵᠠᠮ ᠢᠶᠠᠷ ᠵᠠᠮᠨᠠᠶ᠎ᠠ᠃ ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠤᠷᠤᠰ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠯᠤᠭ᠎ᠠ ᠠᠮᠢᠳᠤᠯᠢᠭ ᠤᠯᠠᠨ ᠶᠠᠩᠵᠤ ᠶᠢᠨ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ ᠤ ᠠᠮᠤᠷ ᠲᠦᠪᠰᠢᠨ ᠪᠣᠯᠤᠨ ᠲᠣᠭᠲᠠᠭᠤᠨ ᠢ ᠬᠠᠮᠠᠭᠠᠯᠠᠨ᠎ᠠ ᠭᠡᠵᠤ ᠵᠢᠭᠠᠵᠤ ᠭᠠᠷᠭᠠᠪᠠ᠃

ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠤᠬᠠᠢ ᠰᠢ ᠶᠢᠨ ᠫᠢᠩ᠂ ᠳᠤᠮᠳᠠᠳᠤ ᠤᠯᠤᠰ ᠢᠷᠡᠬᠦ ᠵᠢᠯ ᠠᠯᠳᠠᠨ ᠲᠣᠭᠤᠰᠭ᠋᠎ᠠ ᠤᠯᠤᠰ ᠤᠳ ᠤᠨ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠵᠦ᠂ ᠤᠳᠤᠷᠢᠳᠬᠤ ᠬᠥᠮᠦᠰ ᠤᠨ ᠠᠷᠪᠠᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠵᠡᠷᠭᠡ ᠠᠵᠢᠯᠯᠠᠭ᠎ᠠ ᠶᠢ ᠭᠤᠣᠯᠯᠠᠨ ᠡᠷᠬᠢᠯᠡᠨ᠎ᠠ᠃ ᠪᠢᠳᠡ ᠳᠤᠷᠠᠲᠠᠶ᠎ᠠ ᠤᠷᠤᠰ ᠤᠨ ᠲᠠᠯ᠎ᠠ ᠲᠠᠢ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠪᠠᠲᠤᠯᠠᠵᠤ᠂ ᠠᠯᠳᠠᠨ ᠲᠣᠭᠤᠰᠭ᠋᠎ᠠ ᠤᠯᠤᠰ ᠤᠳ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠵᠢᠩᠬᠢᠨᠢ ᠣᠯᠠᠨ ᠲᠠᠯᠠᠲᠤ ᠦᠵᠡᠯ ᠢ ᠰᠠᠨᠠᠭᠠᠴᠢᠯᠠᠨ ᠦᠶᠯᠡᠳᠦᠯᠭᠡᠵᠢᠭᠦᠯᠵᠦ᠂ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠳᠡᠮᠵᠢᠵᠦ᠂ ᠨᠡᠭᠡᠭᠡᠯᠲᠡᠲᠦ ᠮᠠᠶ᠋ᠢᠭ ᠤᠨ ᠳᠡᠯᠡᠬᠡᠶ ᠶᠢᠨ ᠠᠵᠤ ᠠᠬᠤᠶ ᠶᠢ ᠪᠥᠲᠥᠭᠡᠨ ᠪᠠᠶᠢᠭᠤᠯᠤᠨ᠎ᠠ᠃ ᠠᠯᠳᠠᠨ ᠲᠣᠭᠤᠰᠭ᠋᠎ᠠ ᠤᠯᠤᠰ ᠤᠳ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ 《ᠠᠯᠳᠠᠨ ᠲᠣᠭᠤᠰᠭ᠋᠎ᠠ +》 ᠵᠠᠭᠪᠤᠷ ᠢ ᠥᠷᠭᠡᠳᠭᠡᠵᠦ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠶᠢᠨ ᠠᠰᠢᠭ ᠬᠦᠷᠳᠡᠬᠦ ᠬᠡᠪᠴᠢᠶ᠎ᠡ ᠶᠢ ᠥᠷᠭᠡᠳᠭᠡᠨ᠎ᠡ᠃ ᠳᠤᠮᠳᠠᠳᠤ ᠤᠷᠤᠰ ᠤᠨ ᠬᠠᠮᠲᠤ ᠶᠢᠨ ᠴᠢᠷᠮᠠᠶᠢᠯᠭ᠎ᠠ ᠪᠠᠷ ᠢᠷᠡᠬᠦ ᠵᠢᠯ ᠤᠨ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠯᠠᠪᠲᠠᠢ ᠢᠳᠡᠪᠬᠢᠲᠡᠢ ᠦᠷ᠎ᠡ ᠪᠦᠲᠦᠭᠡᠯ ᠤᠯᠬᠤ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃  

ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠬᠠᠮᠲᠤᠷᠠᠯᠴᠠᠭᠠᠨ ᠤ ᠲᠤᠬᠠᠢ ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ᠂ ᠠᠶᠤᠯ ᠦᠭᠡᠢ ᠶᠢᠨ ᠵᠥᠪᠯᠡᠯ ᠤᠨ 5 ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠳᠡᠯᠡᠬᠡᠢ ᠶᠢᠨ ᠡᠩᠭᠡ ᠲᠠᠶᠢᠪᠤᠩ ᠪᠣᠯᠤᠨ ᠠᠮᠤᠷ ᠲᠦᠪᠰᠢᠨ ᠢ ᠬᠠᠮᠠᠭᠠᠯᠠᠬᠤ᠂ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠲᠤᠬᠠᠢ ᠵᠣᠬᠢᠴᠠᠭᠤᠯᠭ᠎ᠠ ᠪᠠᠨ ᠴᠢᠩᠭᠠᠳᠬᠠᠵᠤ᠂ ᠳᠡᠯᠡᠬᠡᠢ ᠨᠡᠶᠢᠭᠡᠮ ᠤᠨ ᠨᠡᠶᠢᠳᠡᠮ ᠤᠨ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠬᠦ ᠴᠢᠬᠤᠯᠠᠲᠠᠢ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠨᠢᠭᠲᠠ ᠤᠯᠤᠯᠴᠠᠭ᠎ᠠ ᠪᠠᠨ ᠪᠠᠲᠤᠯᠠᠨ᠎ᠠ ᠭᠡᠵᠦ ᠵᠢᠭᠠᠵᠤ ᠭᠠᠷᠭᠠᠪᠠ᠃

ᠬᠤᠶᠠᠷ ᠲᠠᠯ᠎ᠠ ᠪᠠᠷ ᠢᠶᠠᠨ ᠣᠳᠣᠬᠠᠨ ᠤ ᠲᠣᠮᠣ ᠤᠯᠤᠰ ᠤᠨ ᠬᠠᠷᠢᠴᠠᠭ᠎ᠠ ᠪᠣᠯᠤᠨ ᠠᠷᠠᠳᠴᠢᠯᠠᠯ ᠤᠨ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠠᠷᠠᠳᠴᠢᠯᠠᠯ ᠪᠣᠯ ᠪᠦᠬᠦ ᠬᠥᠮᠦᠨ ᠲᠥᠷᠥᠯᠬᠢᠲᠡᠨ ᠤ ᠰᠠᠶᠢᠨ ᠰᠠᠶᠢᠬᠠᠨ ᠬᠥᠭᠡᠭᠡᠴᠡᠯᠳᠦᠯ ᠪᠠ ᠬᠠᠮᠲᠤ ᠶᠢᠨ ᠦᠷᠳᠡᠭ ᠮᠥᠨ᠂ ᠪᠠᠰᠠ ᠴᠤ ᠡᠯ᠎ᠡ ᠤᠯᠤᠰ ᠤᠨ ᠠᠷᠠᠳ ᠲᠦᠮᠡᠨ ᠤ ᠡᠷᠬᠡ ᠮᠥᠨ᠃ ᠨᠢᠭᠡ ᠤᠯᠤᠰ ᠠᠷᠠᠳᠴᠢᠯᠠᠯ ᠲᠠᠢ ᠪᠠᠶᠢᠬᠤ ᠡᠰᠡᠬᠦ᠂ ᠠᠷᠠᠳᠴᠢᠯᠠᠯ ᠢ ᠬᠡᠷᠬᠢᠨ ᠨᠡᠩ ᠰᠠᠶᠢᠲᠤᠷ ᠪᠡᠶᠡᠯᠡᠭᠦᠯᠬᠦ ᠶᠢ ᠵᠥᠪᠬᠡᠨ ᠲᠤᠰ ᠤᠯᠤᠰ ᠤᠨ ᠠᠷᠠᠳ ᠲᠦᠮᠡᠨ ᠢᠶᠠᠷ ᠦᠨᠡᠯᠡᠭᠦᠯᠬᠦ ᠬᠡᠷᠡᠭᠲᠡᠢ᠃ ᠤᠯᠠᠨ ᠤᠯᠤᠰ ᠤᠨ ᠬᠡᠷᠡᠭ ᠶᠠᠪᠤᠳᠠᠯ ᠢ ᠡᠯ᠎ᠡ ᠤᠯᠤᠰ ᠬᠠᠮᠲᠤ ᠪᠠᠷ ᠵᠥᠪᠳᠡᠯᠴᠡᠨ ᠰᠢᠢᠳᠪᠦᠷᠢᠯᠡᠵᠦ᠂ ᠤᠯᠠᠨ ᠤᠯᠤᠰ ᠤᠨ ᠬᠠᠷᠢᠴᠠᠭᠠᠨ ᠤ ᠠᠷᠠᠳᠴᠢᠯᠠᠯᠲᠠ ᠶᠢ ᠬᠡᠷᠡᠭᠵᠢᠭᠦᠯᠦᠨ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠪᠣᠯ  ᠬᠥᠮᠦᠰ ᠤᠨ ᠰᠡᠳᠭᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠮᠥᠨ᠃ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠳᠡᠯᠡᠬᠡᠢ ᠨᠡᠶᠢᠭᠡᠮ ᠢ ᠬᠦᠳᠤᠯᠤᠨ ᠵᠢᠯᠣᠭᠤᠳᠴᠤ ᠵᠥᠪ ᠠᠷᠠᠳᠴᠢᠯᠠᠯ ᠤᠨ ᠦᠵᠡᠯᠲᠡ ᠶᠢ ᠪᠤᠢ ᠪᠣᠯᠭᠠᠵᠤ᠂ ᠡᠯ᠎ᠡ ᠤᠯᠤᠰ ᠤᠨ ᠵᠦᠢ ᠶᠣᠰᠣᠨ ᠤ ᠠᠷᠠᠳᠴᠢᠯᠠᠯ ᠤᠨ ᠡᠷᠬᠡ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃

ᠫᠦᠲ᠋ᠢᠨ᠂ ᠣᠳᠣᠬᠠᠨ ᠳᠤ ᠤᠷᠤᠰ ᠳᠤᠮᠳᠠᠳᠤ ᠶᠢᠨ ᠬᠠᠷᠢᠯᠴᠠᠭ᠎ᠠ ᠶᠠᠭ ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ᠂ ᠳᠡᠭᠡᠳᠦ ᠬᠡᠮᠵᠢᠶᠡᠨ ᠤ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠶᠢ ᠢᠯᠡᠷᠡᠭᠦᠯᠵᠦ᠂ ᠳᠣᠲᠣᠭᠠᠳᠤ ᠵᠠᠰᠠᠭ ᠲᠤ ᠬᠠᠷᠢᠯᠴᠠᠨ ᠭᠠᠷ ᠦᠯᠦ ᠲᠦᠷᠦᠭᠦ᠂ ᠲᠤᠰ ᠲᠤᠰ ᠤᠨ ᠠᠰᠢᠬ ᠲᠤᠰᠠ ᠶᠢ ᠬᠠᠷᠢᠯᠴᠠᠨ ᠬᠦᠨᠳᠦᠳᠭᠡᠬᠦ ᠰᠠᠭᠤᠷᠢᠨ ᠳᠡᠭᠡᠷ᠎ᠡ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠳᠠᠭᠤᠷᠢᠶᠠᠯ ᠢ ᠪᠤᠢ ᠪᠣᠯᠭᠠᠪᠠ᠂ ᠡᠨᠡ ᠨᠢ 21 ᠳ᠋ᠤᠭᠡᠷ ᠵᠠᠭᠤᠨ ᠤ ᠤᠯᠠᠨ ᠤᠯᠤᠰ ᠤᠨ ᠬᠠᠷᠢᠯᠴᠠᠭᠠᠨ ᠤ ᠦᠯᠢᠭᠡᠷ ᠵᠢᠱᠢᠶ᠎ᠡ ᠪᠣᠯᠤᠨ᠎ᠠ᠃ ᠡᠨᠡ ᠵᠢᠯ ᠪᠣᠯ 《ᠤᠷᠤᠰ ᠳᠤᠮᠳᠠᠳᠤ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ》 ᠲᠣᠭᠲᠠᠭᠰᠠᠨ 20 ᠵᠢᠯ ᠤᠨ ᠤᠢ ᠪᠣᠯᠤᠨ᠎ᠠ᠂ ᠤᠷᠤᠰ ᠳᠤᠮᠳᠠᠳᠤ ᠭᠡᠷ᠎ᠡ ᠶᠢᠨ ᠬᠤᠭᠤᠴᠠᠭ᠎ᠠ ᠶᠢ ᠤᠷᠳᠤᠳᠬᠠᠨ᠎ᠠ ᠭᠡᠵᠦ ᠠᠯᠪᠠᠨ ᠶᠣᠰᠣᠭᠠᠷ ᠨᠡᠶᠢᠲᠡᠯᠡᠪᠡ᠃ ᠬᠤᠶᠠᠷ ᠲᠠᠯ᠎ᠠ ᠪᠠᠷ ᠢᠶᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠣᠭᠲᠠᠭᠤᠨ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠤᠯᠤᠯᠴᠠᠭ᠎ᠠ ᠵᠣᠬᠢᠴᠠᠭᠤᠯᠭ᠎ᠠ ᠬᠢᠪᠠ᠃ ᠤᠷᠤᠰ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠨᠢᠭᠡᠨᠲᠡ ᠡᠯ᠎ᠡ ᠵᠦᠢᠯ ᠤᠨ ᠤᠯᠠᠨ ᠤᠯᠤᠰ ᠤᠨ ᠬᠠᠯᠠᠮᠰᠢᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ᠂ ᠤᠯᠠᠨ ᠤᠯᠤᠰ ᠤᠨ ᠡᠩᠬᠡ ᠲᠠᠶᠢᠪᠤᠩ ᠢ ᠬᠠᠮᠠᠭᠠᠯᠠᠬᠤ ᠴᠢᠬᠤᠯᠠ ᠢᠳᠡᠪᠬᠢ ᠬᠦᠴᠦᠨ ᠵᠦᠢᠯ ᠪᠤᠯᠵᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ ᠪᠢ ᠤᠳᠠᠯ ᠦᠭᠡᠢ ᠳᠤᠮᠳᠠᠳᠤ ᠤᠯᠤᠰ ᠲᠤ ᠠᠶᠢᠯᠴᠢᠯᠠᠬᠤ ᠶᠢᠨ ᠬᠠᠮᠲᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠬᠤ ᠶᠢ ᠬᠦᠰᠡᠨ ᠬᠦᠯᠢᠶᠡᠵᠦ ᠪᠠᠶᠢᠨ᠎ᠠ᠂ ᠤᠷᠤᠰ ᠤᠨ ᠬᠢᠨ ᠪᠡᠶ᠎ᠡ ᠶᠢᠨ ᠲᠠᠮᠢᠷ ᠢ ᠤᠯᠤᠰ ᠲᠦᠷᠦᠴᠢᠯᠡᠬᠦ ᠭᠤᠷᠢᠳᠠᠯᠭ᠎ᠠ ᠶᠢ ᠡᠰᠡᠷᠭᠦᠴᠡᠭᠰᠡᠭᠡᠷ ᠢᠷᠡᠵᠠᠢ᠃ ᠪᠢ ᠲᠤᠬᠠᠢ ᠶᠢᠨ ᠦᠶ᠎ᠡ ᠳᠤ ᠲᠠᠨ ᠲᠠᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠦᠷᠭᠦᠯᠵᠢᠯᠡᠨ ᠥᠨᠳᠥᠷ ᠲᠦᠪᠰᠢᠨ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶ᠎ᠠ᠂ ᠴᠢᠯᠠᠭᠤᠨ ᠲᠤᠰᠤ ᠰᠢᠲᠠᠮᠠᠬᠠᠢ ᠬᠡᠢ᠂ ᠮᠥᠩᠭᠦᠨ ᠭᠦᠢᠯᠭᠡᠭᠡ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠬᠦᠷᠢᠶ᠎ᠡ ᠵᠢᠴᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠮᠤ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠪᠣᠯᠤᠨ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢ ᠴᠢᠨᠠᠭᠰᠢᠳᠠ ᠵᠣᠯᠭᠠᠭᠤᠯᠬᠤ ᠶᠢ ᠠᠬᠢᠭᠤᠯᠤᠨ᠎ᠠ᠃ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠤᠯᠤᠰ ᠲᠦᠷᠦᠴᠢᠯᠡᠬᠦ ᠶᠢ ᠡᠰᠡᠷᠭᠦᠴᠡᠨ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠢᠷᠡᠬᠦ ᠬᠤᠶᠠᠷ ᠵᠢᠯ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠣᠨ ᠢ ᠰᠠᠶᠢᠲᠤᠷ ᠬᠢᠨ᠎ᠠ᠃ ᠤᠷᠤᠰ ᠤᠨ ᠬᠢᠨ ᠲᠠᠶᠢᠸᠠᠨ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠵᠦᠢ ᠶᠣᠰᠣᠨ ᠤ ᠵᠣᠭᠰᠣᠯᠲᠠ ᠶᠢ ᠬᠠᠮᠤᠭ ᠤᠨ ᠡᠷᠡᠰ ᠳᠡᠮᠵᠢᠵᠦ᠂ ᠶᠠᠮᠠᠷᠪᠠ ᠬᠦᠴᠦᠨ ᠤ ᠲᠠᠶᠢᠸᠠᠨ ᠳᠤ ᠬᠤᠯᠪᠣᠭᠳᠠᠬᠤ ᠠᠰᠠᠭᠤᠳᠠᠯ ᠢᠶᠠᠷ ᠳᠤᠮᠳᠠᠳᠤ ᠶᠢᠨ ᠲᠠᠯ᠎ᠠ ᠶᠢᠨ ᠠᠰᠢᠭ ᠲᠤᠰᠠ ᠶᠢ ᠬᠤᠬᠢᠷᠠᠭᠤᠯᠬᠤ ᠶᠢ ᠡᠷᠡᠰ ᠡᠰᠡᠷᠭᠦᠴᠡᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠳᠤ ᠶᠠᠮᠠᠷᠪᠠ ᠬᠡᠯᠪᠡᠷᠢ ᠶᠢᠨ 《ᠵᠢᠵᠢᠭ ᠪᠦᠯᠬᠦᠮ》 ᠪᠠᠶᠢᠭᠤᠯᠬᠤ ᠶᠢ ᠡᠷᠡᠰ ᠡᠰᠡᠷᠭᠦᠴᠡᠨ᠎ᠡ᠂ ᠤᠷᠤᠰ ᠳᠤᠮᠳᠠᠳᠤ ᠶᠢᠨ ᠬᠠᠷᠢᠯᠴᠠᠭ᠎ᠠ ᠶᠢ ᠵᠠᠪᠰᠠᠷᠳᠠᠭᠤᠯᠬᠤ ᠶᠠᠮᠠᠷᠪᠠ ᠬᠤᠤᠪᠢᠯᠳᠤᠯᠭ᠎ᠠ ᠴᠥᠮ ᠪᠡᠶᠡᠯᠡᠭᠳᠡᠬᠦ ᠦᠭᠡᠢ ᠶᠤᠮ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠵᠡᠷᠭᠡ ᠤᠯᠠᠨ ᠲᠠᠯ᠎ᠠ ᠶᠢᠨ ᠲᠠᠯᠠᠪᠤᠷ ᠲᠠᠬᠢ ᠨᠢᠭᠲᠠ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠢᠷᠡᠬᠦ ᠵᠢᠯ ᠠᠯᠳᠠᠨ ᠲᠣᠭᠤᠰᠭ᠋᠎ᠠ ᠤᠯᠤᠰ ᠤᠳ ᠤᠨ ᠲᠡᠷᠢᠭᠦᠯᠡᠭᠴᠢ ᠤᠯᠤᠰ ᠤᠨ ᠠᠵᠢᠯ ᠢ ᠡᠭᠦᠷᠭᠡᠯᠡᠬᠦ ᠶᠢ ᠲᠡᠮᠵᠢᠵᠤ᠂ ᠤᠷᠤᠰ ᠳᠤᠮᠳᠠᠳᠤ ᠬᠤᠶᠠᠷ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠪᠠ ᠬᠤᠶᠠᠷ ᠤᠯᠤᠰ ᠤᠨ ᠵᠦᠢ ᠶᠣᠰᠣᠨ ᠤ ᠬᠥᠭᠵᠢᠯᠲᠡ ᠶᠢᠨ ᠠᠰᠢᠭ ᠲᠤᠰᠠ ᠶᠢ ᠬᠤᠷᠢᠭᠯᠠᠬᠤ ᠭᠤᠷᠢᠳᠠᠯᠭ᠎ᠠ ᠶᠢ ᠡᠷᠡᠰ ᠡᠰᠡᠷᠭᠦᠴᠡᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠪᠠᠶᠢᠯᠳᠤᠬᠤ ᠪᠤᠳᠤᠯᠭ᠎ᠠ ᠶᠢᠨ ᠠᠮᠤᠷ ᠲᠦᠪᠰᠢᠨ ᠪᠠ ᠲᠣᠭᠲᠠᠭᠤᠨ ᠢ ᠬᠠᠮᠠᠭᠠᠯᠠᠨ᠎ᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠡᠯ᠎ᠡ ᠤᠯᠤᠰ ᠤᠨ ᠵᠢᠩᠬᠢᠨᠢ ᠠᠷᠠᠳᠴᠢᠯᠡᠯ ᠤᠨ ᠡᠷᠬᠡ ᠶᠢ ᠬᠠᠮᠠᠭᠠᠯᠠᠬᠤ ᠠᠰᠠᠭᠤᠳᠠᠯ ᠤᠨ ᠲᠤᠬᠠᠢ ᠤᠯᠤᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠭᠡᠪᠡ᠃  

ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠤᠯᠠᠨ ᠤᠯᠤᠰ ᠤᠨ ᠪᠠ ᠭᠠᠵᠠᠷ ᠣᠷᠣᠨ ᠤ ᠪᠤᠰᠤᠳ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃  

ᠬᠤᠶᠠᠷ ᠤᠯᠤᠰ ᠤᠨ ᠲᠡᠷᠢᠭᠦᠨ ᠢᠷᠡᠬᠦ ᠵᠢᠯ ᠤᠨ 2  ᠰᠠᠷ᠎ᠠ ᠳᠤ ᠪᠡᠭᠡᠵᠢᠩ ᠳᠤ ᠠᠭᠤᠯᠵᠠᠬᠤ ᠪᠠᠷ ᠪᠣᠯᠵᠣᠪᠠ᠃  

ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

 

 

 


   :                    
   :           
备案序号:蒙ICP备05003250号 公安备案15010502000173