ᠵᠤᠬᠢᠶᠠᠭᠴᠢ: ᠴᠠᠭ:2021-12-24 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠽᠢ ᠲᠠᠢ ᠤᠲᠠᠰᠤ ᠪᠠᠷ ᠶᠠᠷᠢᠯᠴᠠᠪᠠ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2021  12 ᠳ᠋ᠤᠭᠠᠷ ᠰᠠᠷ᠎ᠠ ᠶᠢᠨ 21 ᠤ  ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 12  ᠰᠠᠷ᠎ᠠ ᠶᠢᠨ 21 ᠤ  ᠤᠷᠤᠢ ᠭᠧᠷᠮᠠᠨ ᠤ ᠶᠡᠷᠦᠩᠬᠡᠢ ᠰᠠᠶᠢᠳ ᠱᠦᠸᠧᠷᠽᠢ ᠲᠠᠢ ᠤᠲᠠᠰᠤ ᠪᠠᠷ ᠶᠠᠷᠢᠯᠴᠠᠪᠠ᠃

ᠰᠢ ᠶᠢᠨ ᠫᠢᠩ ᠱᠦᠸᠧᠷᠽᠢ ᠶᠢᠨ ᠭᠧᠷᠮᠠᠨ ᠤ ᠶᠡᠷᠦᠩᠬᠡᠢ ᠰᠠᠶᠢᠳ ᠪᠣᠯᠤᠭᠰᠠᠨ ᠳᠤ ᠳᠠᠬᠢᠨᠲᠠ ᠪᠠᠶᠠᠷ ᠬᠦᠷᠭᠡᠪᠡ᠃

ᠰᠢ ᠶᠢᠨ ᠫᠢᠩ᠂ ᠳᠤᠮᠳᠠᠳᠤ ᠤᠯᠤᠰ ᠳᠤᠮᠳᠠᠳᠤ ᠭᠧᠷᠮᠠᠨ ᠤ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠤᠢᠢᠷ᠎ᠠ ᠶᠢᠨ ᠵᠢᠯ ᠠᠴᠠ᠂ ᠳᠤᠮᠳᠠᠳᠤ ᠭᠧᠷᠮᠠᠨ ᠤ ᠬᠠᠮᠲᠤᠷᠠᠯᠴᠠᠭ᠎ᠠ ᠨᠢ ᠳᠤᠮᠳᠠᠳᠤ ᠧᠦ᠋ᠷᠣᠫᠠ ᠶᠢᠨ ᠬᠠᠮᠲᠤᠷᠠᠯᠴᠠᠭᠠᠨ ᠤ 《ᠲᠠᠭᠠᠭᠤᠯᠤᠬᠴᠢ》 ᠪᠣᠯᠤᠭᠰᠠᠭᠠᠷ ᠢᠷᠡᠵᠠᠢ᠂ ᠡᠨᠡ ᠪᠣᠯ ᠬᠤᠶᠠᠷ ᠤᠯᠤᠰ ᠤᠨ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠲᠠᠭᠠᠵᠤ ᠬᠢᠭᠰᠡᠨ ᠵᠥᠪ ᠰᠣᠩᠭᠤᠯᠲᠠ ᠪᠣᠯᠤᠨ᠎ᠠ᠃ ᠢᠷᠡᠬᠦ ᠵᠢᠯ ᠳᠤᠮᠳᠠᠳᠤ ᠭᠧᠷᠮᠠᠨ ᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠪᠣᠯᠤᠨ᠎ᠠ᠃ ᠬᠠᠭᠠᠰ ᠵᠠᠭᠤᠨ ᠢ ᠡᠷᠭᠢᠴᠡᠭᠦᠯᠬᠦᠶ᠎ᠡ᠂ ᠳᠤᠮᠳᠠᠳᠤ ᠭᠧᠷᠮᠠᠨ ᠤ ᠬᠠᠷᠢᠯᠴᠠᠭ᠎ᠠ ᠭᠦᠢᠴᠡᠳ ᠠᠮᠢᠵᠢᠷᠠᠯ ᠤᠨ ᠬᠦᠴᠦᠨ᠂ ᠳᠠᠭᠠᠭᠠᠮᠠᠭᠠᠢ ᠬᠦᠴᠦᠨ᠂ ᠤᠶᠠᠨ ᠬᠠᠳᠠᠨ ᠴᠢᠨᠠᠷ᠂ ᠳᠠᠯᠳᠠ ᠬᠦᠴᠦᠨ ᠢ ᠢᠯᠡᠷᠡᠭᠦᠯᠪᠡ︔ ᠢᠷᠡᠭᠡᠳᠦᠢ ᠶᠢᠨ 50 ᠵᠢᠯ ᠢ ᠪᠠᠷᠠᠯᠠᠬᠤᠶ᠎ᠠ᠂ ᠬᠤᠶᠠᠷ ᠤᠯᠤᠰ ᠢᠶᠠᠷ ᠢᠶᠠᠨ ᠪᠦᠬᠦ ᠪᠥᠮᠪᠥᠷᠴᠡᠭ ᠲᠤ ᠬᠠᠨᠳᠤᠵᠤ᠂ ᠠᠯᠤᠰ ᠬᠡᠳᠦ ᠶᠢ ᠪᠣᠳᠣᠯᠬᠢᠯᠠᠵᠤ᠂ ᠵᠠᠮ ᠨᠡᠭᠡᠭᠡᠨ ᠤᠷᠤᠭᠰᠢᠯᠠᠵᠤ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠰᠢᠨ᠎ᠡ ᠬᠥᠭᠵᠢᠯᠲᠡ ᠶᠢ ᠴᠢᠷᠮᠠᠶᠢᠨ ᠪᠡᠶᠡᠯᠡᠭᠦᠯᠪᠡᠯ ᠵᠣᠬᠢᠨ᠎ᠠ᠃       

ᠨᠢᠭᠡᠳᠦᠭᠡᠷ ᠲᠤ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠬᠤᠶᠠᠷ ᠤᠯᠤᠰ ᠤᠨ ᠬᠠᠷᠢᠯᠴᠠᠭᠠᠨ ᠤ ᠶᠡᠭᠡ ᠴᠢᠭᠯᠡᠯ ᠢ ᠡᠵᠡᠮᠳᠡᠬᠦ ᠶᠢ ᠪᠠᠷᠢᠮᠲᠠᠯᠠᠶ᠎ᠠ᠃ ᠳᠤᠮᠳᠠᠳᠤ ᠭᠧᠷᠮᠠᠨ ᠪᠣᠯ ᠴᠥᠮ ᠴᠢᠬᠤᠯᠠ ᠨᠥᠯᠥᠭᠡ ᠲᠠᠢ ᠲᠤᠮᠤ ᠤᠯᠤᠰ ᠪᠣᠯᠤᠨ᠎ᠠ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠬᠥᠭᠵᠢᠬᠦ ᠨᠢ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠬᠦ ᠪᠠᠷ ᠪᠠᠷᠠᠬᠤ ᠦᠭᠡᠢ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠴᠤ ᠠᠰᠢᠭᠲᠠᠢ ᠶᠤᠮ᠃ ᠬᠤᠶᠠᠷ ᠲᠠᠯ᠎ᠠ ᠪᠠᠷ ᠢᠶᠠᠨ ᠨᠦᠭᠦᠭᠡ ᠡᠳᠡᠭᠡᠳ ᠤᠨ ᠢᠶᠠᠨ ᠬᠥᠭᠵᠢᠯᠲᠡ ᠶᠢ ᠠᠵᠠ ᠲᠣᠬᠢᠶᠠᠯ ᠢᠶᠠᠷ ᠦᠵᠡᠬᠦ ᠶᠢ ᠪᠠᠷᠢᠮᠲᠠᠯᠠᠵᠤ᠂ ᠳᠡᠭᠡᠳᠦ ᠳᠠᠪᠬᠤᠷᠭ᠎ᠠ ᠶᠢᠨ ᠬᠦᠲᠦᠯᠦᠨ ᠳᠠᠭᠠᠭᠤᠯᠬᠤ ᠰᠢᠯᠢᠳᠡᠭ ᠤᠯᠠᠮᠵᠢᠯᠠᠯ ᠢᠶᠠᠨ ᠪᠠᠲᠤᠯᠠᠵᠤ᠂ ᠳᠤᠮᠳᠠᠳᠤ ᠭᠧᠷᠮᠠᠠ ᠤ ᠬᠠᠷᠢᠯᠴᠠᠭ᠎ᠠ ᠶᠢᠨ ᠬᠥᠭᠵᠢᠯᠲᠡ ᠳᠤ ᠠᠶᠠᠯᠠᠯ ᠢ ᠵᠢᠯᠤᠭᠤᠳᠴᠤ ᠴᠢᠭᠯᠡᠯ ᠢ ᠨᠢ ᠲᠣᠭᠲᠠᠭᠠᠵᠤ ᠥᠭᠬᠦ ᠬᠡᠷᠡᠭᠲᠡᠢ᠃ ᠬᠤᠶᠠᠷ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠢᠯᠠᠩᠭᠤᠶ᠎ᠠ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠢᠷᠡᠬᠦ ᠵᠢᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠲᠥᠯᠥᠪᠵᠢᠭᠦᠯᠭᠡ ᠶᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃       

ᠬᠤᠶᠠᠳᠤᠭᠠᠷ ᠲᠤ᠂ ᠪᠣᠳᠠᠲᠠᠢ ᠶᠢ ᠡᠷᠬᠢᠮᠯᠡᠬᠦ ᠣᠪᠣᠷ ᠢᠶᠠᠷ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠬᠤ ᠶᠢ ᠪᠠᠷᠢᠮᠲᠠᠯᠠᠶ᠎ᠠ᠃ ᠳᠤᠮᠳᠠᠳᠤ ᠭᠧᠷᠮᠠᠨ ᠬᠤᠶᠠᠷ ᠤᠯᠤᠰ ᠤᠨ ᠠᠵᠤ ᠠᠬᠤᠢ ᠴᠥᠮ ᠨᠦᠬᠦᠬᠡ ᠲᠠᠯ᠎ᠠ ᠶᠢᠨ ᠢᠶᠠᠨ ᠬᠥᠭᠵᠢᠯᠲᠡ ᠠᠴᠠ ᠮᠠᠰᠢ ᠤᠯᠠᠨ ᠠᠰᠢᠭ ᠬᠦᠷᠳᠡᠪᠡ᠃ ᠳᠤᠮᠳᠠᠳᠤ ᠤᠯᠤᠰ ᠨᠢᠭᠡᠨᠲᠡ 5 ᠵᠢᠯ ᠳᠠᠷᠠᠭᠠᠯᠠᠨ ᠭᠧᠷᠮᠠᠨ ᠤ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠤᠯᠵᠤ᠂ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠷᠤᠯᠲᠠ ᠶᠢ ᠲᠠᠭᠠᠭᠠᠵᠤ ᠦᠭᠰᠦᠬᠦ ᠨᠡᠮᠡᠭᠳᠡᠯ ᠢ ᠪᠡᠶᠡᠯᠡᠭᠦᠯᠪᠡ᠃ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ᠂ ᠪᠣᠬᠢᠷᠲᠤᠯ ᠥᠬᠡᠶ ᠪᠠ ᠲᠣᠭᠠᠴᠢᠯᠠᠭᠰᠠᠨ ᠠᠵᠤ ᠠᠬᠤᠶ ᠵᠡᠷᠭᠡ ᠰᠢᠨ᠎ᠡ ᠬᠠᠮᠲᠤᠷᠠᠯᠴᠠᠭᠠᠨ ᠤ ᠬᠦᠷᠢᠶ᠎ᠡ ᠶᠢ ᠢᠳᠡᠪᠬᠢᠲᠡᠶ ᠨᠡᠭᠡᠭᠡᠵᠦ᠂ ᠦᠶᠯᠡᠴᠢᠯᠡᠭᠡᠨ ᠤ ᠠᠷᠠᠯᠵᠢᠶᠠᠨ ᠤ ᠨᠡᠮᠡᠭᠳᠡᠯ ᠤᠨ ᠳᠠᠯᠳᠠ ᠬᠦᠴᠦᠨ ᠢ ᠪᠠᠳᠠᠷᠠᠭᠤᠯᠪᠠᠯ ᠵᠣᠬᠢᠨ᠎ᠠ᠃ ᠭᠧᠷᠮᠠᠨ ᠤ ᠬᠢᠨ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠨᠡᠬᠡᠬᠡᠯᠳᠡ ᠶᠢᠨ ᠠᠪᠴᠢᠷᠠᠭᠰᠠᠨ ᠰᠢᠨ᠎ᠡ ᠠᠵᠠ ᠲᠣᠬᠢᠶᠠᠯ ᠢ ᠠᠮᠵᠢᠬᠤ ᠶᠢ ᠪᠠᠶᠠᠷᠯᠠᠨ ᠤᠭᠲᠤᠵᠤ ᠪᠠᠶᠢᠬᠤ ᠶᠢᠨ ᠬᠠᠮᠲᠤ᠂ ᠭᠧᠷᠮᠠᠨ ᠤ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠳᠤ ᠡᠷᠬᠡ ᠲᠡᠭᠰᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠭᠧᠷᠮᠠᠨ ᠪᠣᠯ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠂ ᠳᠤᠮᠳᠠᠳᠤ ᠭᠧᠷᠮᠠᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠳᠦᠭᠡᠨ ᠪᠠᠶᠢᠭᠤᠯᠬᠤ ᠪᠦᠲᠦᠭᠦᠪᠴᠢ ᠶᠢᠨ ᠳᠣᠲᠣᠷᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠵᠠᠮ ᠳᠠᠭᠠᠤ ᠶᠢᠨ ᠤᠯᠤᠰ ᠤᠳ ᠲᠤ ᠪᠤᠶᠠᠨ ᠦᠢᠯᠡᠳᠴᠦ᠂ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠶᠢ ᠢᠲᠡᠭᠡᠵᠦ ᠪᠠᠶᠢᠨ᠎ᠠ᠃       

ᠭᠤᠷᠪᠠᠳᠤᠭᠠᠷ ᠲᠤ᠂ ᠭᠠᠷ ᠬᠤᠯᠪᠣᠨ ᠥᠷᠢᠰᠥᠯᠳᠦᠭᠡᠨ ᠢ ᠠᠷᠭᠠᠴᠠᠬᠤ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ᠃ ᠳᠤᠮᠳᠠᠳᠤ ᠭᠧᠷᠮᠠᠨ ᠪᠣᠯ ᠴᠦᠮ ᠤᠯᠠᠨ ᠲᠠᠯᠠᠲᠤ ᠦᠵᠡᠯ ᠤᠨ ᠬᠠᠮᠠᠭᠠᠯᠠᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠮᠥᠨ᠂ ᠤᠯᠠᠨ ᠤᠯᠤᠰ ᠤᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ ᠸᠠᠺᠼᠢᠨ ᠢ ᠡᠷᠬᠡ ᠲᠡᠭᠰᠢ ᠪᠠᠷ ᠬᠤᠪᠢᠶᠠᠷᠢᠯᠠᠬᠤ ᠶᠢ ᠠᠬᠢᠭᠤᠯᠬᠤ᠂ ᠪᠦᠬᠦ ᠪᠥᠮᠪᠥᠷᠴᠡᠭ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠬᠢᠵᠢᠭ ᠤᠨ ᠳᠠᠷᠠᠭᠠᠬᠢ ᠰᠡᠷᠭᠦᠯᠲᠡ ᠶᠢ ᠠᠬᠢᠭᠤᠯᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠵᠡᠷᠭᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠬᠤᠪᠢ ᠵᠠᠶᠠᠭ᠎ᠠ ᠳᠤ ᠬᠤᠯᠪᠣᠭᠳᠠᠭᠰᠠᠨ ᠠᠰᠠᠭᠤᠳᠠᠯ ᠳᠤ ᠦᠨᠡᠨ ᠬᠦ ᠪᠣᠯᠤᠮᠵᠢᠲᠠᠢ ᠲᠥᠰᠦᠯ ᠬᠠᠩᠭᠠᠪᠠᠯ ᠵᠣᠬᠢᠨ᠎ᠠ᠃ ᠶᠠᠷᠢᠯᠴᠠᠭ᠎ᠠ ᠪᠠᠷ ᠳᠠᠮᠵᠢᠨ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠣᠯᠠᠨ ᠤᠯᠤᠰ ᠤᠨ ᠬᠠᠷᠢᠯᠴᠠᠭᠠᠨ ᠳᠠᠬᠢ ᠠᠷᠠᠳᠴᠢᠯᠠᠯ ᠤᠨ ᠵᠠᠷᠴᠢᠮ ᠢ ᠵᠢᠷᠤᠮᠯᠠᠨ ᠴᠢᠩᠭᠠᠳᠬᠠᠵᠤ᠂ ᠡᠯ᠎ᠡ ᠵᠦᠢᠯ ᠤᠨ ᠬᠡᠯᠪᠡᠷᠢ ᠶᠢᠨ ᠡᠵᠡᠷᠬᠡᠬᠦ ᠠᠵᠢᠯᠯᠠᠭ᠎ᠠ ᠪᠠ ᠬᠦᠢᠳᠡᠨ ᠳᠠᠶᠢᠨ ᠤ ᠰᠡᠳᠭᠢᠬᠦᠢ ᠶᠢ ᠡᠷᠡᠰ ᠡᠰᠡᠷᠭᠦᠴᠡᠬᠦ ᠬᠡᠷᠡᠭᠲᠡᠢ᠃ ᠡᠯ᠎ᠡ ᠤᠯᠤᠰ ᠬᠠᠮᠲᠤ ᠪᠠᠷ ᠬᠥᠭᠵᠢᠬᠦ ᠪᠣᠯ  ᠦᠨᠡᠨ ᠬᠥᠭᠵᠢᠯᠲᠡ ᠮᠥᠨ᠃ ᠳᠤᠮᠳᠠᠳᠤ ᠶᠢᠨ ᠲᠠᠯ᠎ᠠ ᠳᠤᠷᠠᠲᠠᠶ᠎ᠠ ᠭᠧᠷᠮᠠᠨ ᠤ ᠲᠠᠯ᠎ᠠ ᠲᠠᠢ ᠭᠠᠷ ᠬᠤᠯᠪᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃       

ᠰᠢ ᠶᠢᠨ ᠫᠢᠩ᠂ ᠳᠤᠮᠳᠠᠳᠤ ᠧᠦ᠋ᠷᠣᠫᠠ ᠪᠣᠯ ᠪᠦᠬᠦ ᠪᠥᠮᠪᠥᠷᠴᠡᠭ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠤᠶᠠᠷ ᠶᠡᠭᠡ ᠬᠦᠴᠦᠨ ᠮᠥᠨ᠂ ᠥᠷᠭᠡᠨ ᠳᠡᠯᠭᠡᠷ ᠪᠠᠶᠢᠯᠳᠤᠬᠤ ᠪᠤᠳᠤᠯᠭ᠎ᠠ ᠶᠢᠨ ᠬᠠᠮᠲᠤ ᠶᠢᠨ ᠲᠠᠨᠢᠯᠲᠠ ᠪᠠ ᠬᠠᠮᠲᠤ ᠶᠢᠨ ᠠᠰᠢᠭ ᠲᠤᠰᠠ ᠲᠠᠢ ᠶᠤᠮ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠭᠡᠬᠦ ᠡᠨᠡ ᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠠᠷᠢᠯᠴᠠᠨ ᠬᠦᠨᠳᠦᠳᠭᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠢᠮᠠᠭᠲᠠ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠭᠧᠷᠮᠠᠨ ᠤ ᠲᠠᠯ᠎ᠠ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢ ᠲᠣᠭᠲᠠᠪᠤᠷᠢᠵᠢᠭᠤᠯᠬᠤ ᠳᠤ ᠦᠷᠭᠦᠯᠵᠢᠯᠡᠨ ᠢᠳᠡᠪᠬᠢᠲᠡᠢ ᠨᠥᠯᠥᠭᠡ ᠦᠵᠡᠭᠦᠯᠵᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠳᠤ ᠦᠷᠭᠦᠯᠵᠢᠯᠡᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃

ᠱᠦᠸᠧᠷᠽᠢ᠂ ᠲᠡᠷᠢᠭᠦᠯᠡᠭᠴᠢ ᠠᠪᠤᠭᠠᠢ ᠶᠢᠨ  ᠭᠧᠷᠮᠠᠨ ᠤ ᠶᠡᠷᠦᠩᠬᠡᠢ ᠰᠠᠶᠢᠳ ᠤᠨ ᠲᠤᠰᠢᠶᠠᠯ ᠢ ᠬᠠᠷᠢᠭᠤᠴᠠᠭᠰᠠᠨ ᠤ ᠳᠠᠷᠠᠭ᠎ᠠ ᠪᠠᠶᠠᠷ ᠤᠨ ᠵᠠᠬᠢᠳᠠᠯ ᠢᠷᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠪᠢ ᠮᠠᠨ ᠤ ᠥᠩᠭᠡᠷᠡᠭᠰᠡᠨ ᠤ ᠶᠠᠪᠤᠯᠴᠠᠭ᠎ᠠ ᠪᠠᠨ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠂ ᠳᠤᠷᠠᠲᠠᠶ᠎ᠠ ᠭᠧᠷᠮᠠᠨ ᠳᠤᠮᠳᠠᠳᠤ ᠶᠢᠨ ᠨᠥᠬᠦᠷᠯᠡᠯ ᠪᠣᠯᠤᠨ ᠬᠠᠮᠲᠤᠷᠠᠯᠴᠠᠭ᠎ᠠ ᠶᠢ ᠵᠠᠯᠭᠠᠮᠵᠢᠯᠠᠨ ᠠᠬᠢᠭᠤᠯᠤᠨ᠎ᠠ᠃ ᠣᠳᠣᠬᠠᠨ ᠳᠤ᠂ ᠭᠧᠷᠮᠠᠨ ᠳᠤᠮᠳᠠᠳᠤ ᠶᠢᠨ ᠠᠷᠠᠯᠵᠢᠶ᠎ᠠ ᠪᠡᠯᠡ ᠣᠷᠣᠭᠤᠯᠤᠯᠲᠠ ᠬᠠᠷᠢᠯᠴᠠᠭ᠎ᠠ ᠶᠢᠨ ᠬᠥᠭᠵᠢᠯᠲᠡ ᠮᠠᠰᠢ ᠰᠠᠶᠢᠨ ᠪᠠᠶᠢᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠤ ᠲᠠᠯ᠎ᠠ ᠶᠢᠨ ᠬᠠᠮᠲᠤᠷᠠᠯᠴᠠᠭ᠎ᠠ ᠨᠢᠭᠲᠠ ᠪᠠᠶᠢᠵᠤ᠂ ᠠᠹᠭᠠᠨᠢᠰᠲ᠋ᠠᠨ᠂ ᠢᠷᠠᠨ ᠤ ᠴᠥᠮ᠎ᠡ ᠶᠢᠨ ᠵᠡᠪᠰᠡᠭ ᠤᠨ ᠠᠰᠠᠭᠤᠳᠠᠯ ᠵᠡᠷᠭᠡ ᠭᠠᠵᠠᠷ ᠣᠷᠣᠨ ᠤ ᠠᠰᠠᠭᠤᠳᠠᠯ ᠤᠨ ᠲᠤᠬᠠᠢ ᠤᠯᠤᠯᠴᠠᠭ᠎ᠠ ᠨᠢᠭᠲᠠ ᠪᠠᠶᠢᠨ᠎ᠠ᠃ ᠡᠳᠡᠭᠡᠷ ᠨᠢ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠦᠷᠭᠦᠯᠵᠢᠯᠡᠨ ᠬᠥᠭᠵᠢᠬᠦ ᠭᠤᠷᠪᠠᠨ ᠲᠤᠯᠭᠠᠭᠤᠷᠢ ᠶᠢ ᠪᠦᠷᠢᠯᠳᠦᠭᠦᠯᠵᠡᠢ᠃ ᠭᠧᠷᠮᠠᠨ ᠤ ᠲᠠᠯ᠎ᠠ ᠳᠤᠷᠠᠲᠠᠶ᠎ᠠ ᠬᠠᠷᠢᠯᠴᠠᠨ ᠬᠦᠨᠳᠦᠳᠭᠡᠬᠦ᠂ ᠬᠠᠷᠢᠯᠴᠠᠨ ᠢᠲᠡᠭᠡᠯᠴᠡᠬᠦ ᠵᠣᠷᠢᠭ ᠰᠠᠨᠠᠭ᠎ᠠ ᠶᠢ ᠪᠠᠷᠢᠮᠳᠠᠯᠠᠨ᠂ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠴᠢᠷᠮᠠᠶᠢᠵᠤ᠂ ᠭᠧᠷᠮᠠᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠤᠯᠠᠮ ᠴᠢᠨᠠᠭᠰᠢᠳᠠ ᠬᠥᠭᠵᠢᠬᠦ ᠶᠢ ᠠᠬᠢᠭᠤᠯᠤᠨ᠎ᠠ᠃ ᠭᠧᠷᠮᠠᠨ ᠤ ᠲᠠᠯ᠎ᠠ ᠳᠤᠷᠠᠲᠠᠶ᠎ᠠ ᠳᠠᠷᠠᠭ᠎ᠠ ᠵᠢᠯ ᠤᠨ ᠭᠧᠷᠮᠠᠨ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠰᠢᠨ᠎ᠡ ᠨᠢᠭᠡ ᠡᠭᠡᠯᠵᠢ ᠶᠢᠨ ᠭᠧᠷᠮᠠᠨ ᠳᠤᠮᠳᠠᠳᠤ ᠶᠢᠨ ᠵᠠᠰᠠᠭ ᠤᠨ ᠣᠷᠳᠣᠨ ᠤ ᠵᠥᠪᠳᠡᠯᠴᠡᠭᠡ ᠶᠢ ᠰᠠᠶᠢᠲᠤᠷ ᠡᠷᠬᠢᠯᠡᠵᠦ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ᠂ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠲᠦᠭᠡᠯᠴᠢ ᠴᠢᠨᠠᠷᠲᠠᠢ ᠣᠪᠣᠷ ᠢᠶᠠᠷ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠡᠷᠲᠡᠬᠡᠨ ᠬᠦᠴᠦᠨ ᠲᠠᠢ ᠪᠣᠯᠭᠠᠨ ᠬᠡᠷᠡᠭᠵᠢᠭᠦᠯᠬᠦ ᠶᠢ ᠬᠦᠰᠡᠵᠦ ᠪᠠᠶᠢᠨ᠎ᠠ᠃ ᠭᠧᠷᠮᠠᠨ ᠤ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠠᠮᠳᠤ ᠪᠠᠷ ᠳᠡᠯᠡᠬᠡᠢ ᠶᠢᠨ ᠬᠡᠷᠡᠭ ᠶᠠᠪᠤᠳᠠᠯ ᠳᠤ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠨ᠎ᠠ ᠭᠡᠵᠤ ᠢᠯᠡᠳᠭᠡᠵᠠᠢ᠃       

ᠬᠤᠶᠠᠷ ᠲᠠᠯ᠎ᠠ ᠶᠢᠨ ᠤᠳᠤᠷᠢᠳᠬᠤ ᠬᠥᠮᠦᠰ ᠬᠠᠷᠢᠯᠴᠠᠨ ᠰᠢᠨ᠎ᠡ ᠤᠨ ᠤ ᠮᠡᠨᠳᠦᠴᠢᠯᠡᠯ ᠬᠦᠷᠭᠡᠵᠦ᠂ ᠳᠤᠷᠠᠲᠠᠶ᠎ᠠ ᠪᠠᠶᠢᠩᠭᠤ ᠶᠢᠨ ᠴᠢᠨᠠᠷᠲᠠᠢ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠭᠧᠷᠮᠠᠨ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠴᠢᠷᠮᠠᠶᠢᠨ ᠠᠬᠢᠭᠤᠯᠤᠨ᠎ᠠ ᠭᠡᠵᠦ ᠢᠯᠡᠳᠭᠡᠪᠡ᠃

 

 


   :                    
   :           
备案序号:蒙ICP备05003250号 公安备案15010502000173