ᠵᠤᠬᠢᠶᠠᠭᠴᠢ: ᠴᠠᠭ:2021-12-24 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠴᠢᠬᠤᠯᠠᠴᠢᠯᠠᠭᠰᠠᠨ ᠨᠢ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ ᠦᠷᠭ

ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠴᠢᠬᠤᠯᠠᠴᠢᠯᠠᠭᠰᠠᠨ ᠨᠢ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ ᠦᠷᠭᠦᠯᠵᠢᠯᠡᠨ ᠬᠦᠴᠦᠯᠡᠡ ᠪᠣᠭᠤᠮᠲᠠ ᠰᠢᠪᠲᠤᠯᠵᠦ 《ᠴᠢᠩᠭ᠎ᠠ》 ᠪᠠᠶᠢᠬᠤ ᠭᠤᠣᠯ ᠬᠦᠭ ᠠᠶᠠᠰ 《ᠵᠠᠰᠠᠯᠳᠠ》 ᠶᠢᠨ ᠰᠠᠶᠢᠨ ᠪᠠᠶᠢᠳᠠᠯ ᠢ ᠤᠷᠳᠤ ᠬᠤᠭᠤᠴᠠᠭ᠎ᠠ ᠪᠠᠷ ᠪᠠᠲᠤᠯᠠᠬᠤ ᠬᠡᠷᠡᠭᠲᠡᠢ    ᠱᠢ ᠲᠠᠢ ᠹᠧᠩ ᠬᠤᠷᠠᠯ ᠢ ᠡᠷᠬᠢᠯᠡᠪᠡ

2021  12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠭᠡᠷ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠭᠡᠷ ᠪᠣᠯᠤᠨ ᠬᠤᠯᠪᠣᠭᠳᠠᠯ ᠪᠦᠬᠦᠢ ᠠᠵᠢᠯᠯᠠᠬᠤ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠵᠠᠰᠠᠯᠲᠠ ᠶᠢᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠯᠢ ᠰᠢᠶᠠ᠂ ᠮᠧᠩ ᠹᠠᠨ ᠯᠢ᠂ ᠯᠢᠦ ᠱᠤᠸᠠᠩ᠂ ᠳ᠋ᠢᠩ ᠰᠢᠤ ᠹᠧᠩ᠂ ᠬᠤᠸᠠᠩ ᡁᠢ ᠴᠢᠶᠠᠩ᠂ ᠠᠢ ᠯᠢ ᠬᠤᠸᠠ᠂ ᠡᡁᠧᠩ ᠰᠢᠶᠤᠤ ᠹᠠᠨ᠂ ᠴᠢ᠊ ᠪᠠᠲᠤ ᠬᠤᠷᠠᠯ ᠳᠤ ᠣᠷᠣᠯᠴᠠᠵᠠᠢ᠃

ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠣᠷᠣᠨ ᠳᠠᠶᠠᠭᠠᠷ ᠲᠤᠰᠬᠠᠶ ᠴᠡᠭᠴᠡᠯᠡᠨ ᠵᠠᠰᠠᠬᠤ ᠠᠵᠢᠯ ᠢ ᠡᠷᠡᠰ ᠬᠦᠴᠦᠲᠡᠶ ᠠᠬᠢᠭᠤᠯᠵᠤ᠂ 20 ᠵᠢᠯ ᠭᠡᠳᠡᠷᠭᠦ ᠪᠠᠶᠢᠴᠠᠭᠠᠬᠤ ᠪᠠᠷ ᠳᠡᠮᠵᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠨᠢᠭᠡ ᠪᠦᠯᠦᠭ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠰᠢᠶᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠴᠢᠬᠤᠯᠠ ᠦᠷ᠎ᠡ ᠪᠦᠲᠦᠮᠵᠢ ᠤᠯᠪᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠲᠤᠰᠬᠠᠶ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠬᠤ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠪᠠᠶᠢᠩᠭᠤᠵᠢᠭᠰᠠᠨ ᠵᠠᠰᠠᠯᠲᠠ ᠬᠢᠭᠰᠡᠨ ᠠᠴᠠ ᠨᠠᠭᠠᠰᠢ ᠢᠯᠡᠷᠡᠭᠰᠡᠨ ᠠᠰᠠᠭᠤᠳᠠᠯ ᠢ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠢᠮᠠᠭᠲᠠ ᠪᠠᠲᠤᠯᠠᠵᠤ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠷᠴᠢ ᠰᠤᠯᠠᠷᠠᠵᠤ ᠴᠠᠯᠠᠭᠠᠶᠢᠷᠠᠬᠤ ᠪᠠ ᠠᠯᠪᠠ ᠬᠠᠰᠢᠵᠤ ᠦᠩᠭᠡᠷᠡᠭᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠡᠷᠡᠰ ᠵᠣᠷᠢᠭ  ᠬᠤᠪᠢᠷᠠᠬᠤ ᠦᠭᠡᠢ᠂ ᠪᠠᠷᠢᠮᠵᠢᠶ᠎ᠠ ᠪᠠᠭᠤᠷᠠᠬᠤ ᠥᠬᠡᠶ᠂ ᠡᠷᠴᠢ ᠰᠤᠯᠠᠷᠠᠬᠤ ᠥᠬᠡᠶ᠂ ᠬᠦᠴᠦ ᠪᠠᠭᠠᠰᠬᠤ ᠦᠭᠡᠢ ᠪᠠᠶᠢᠬᠤ ᠶᠢ ᠪᠠᠷᠢᠮᠲᠠᠯᠠᠵᠤ᠂ 《ᠴᠢᠩᠭ᠎ᠠ》 ᠪᠠᠶᠢᠬᠤ ᠭᠤᠤᠯ ᠬᠥᠭ ᠠᠶᠠᠰ᠂ 《ᠵᠠᠰᠠᠯᠳᠠ》 ᠶᠢᠨ ᠰᠠᠶᠢᠨ ᠪᠠᠶᠢᠳᠠᠯ ᠢ ᠣᠷᠳᠣ ᠬᠤᠭᠤᠴᠠᠭ᠎ᠠ ᠪᠠᠷ ᠪᠠᠲᠤᠯᠠᠵᠤ᠂ ᠲᠤᠰᠬᠠᠶ ᠴᠡᠭᠴᠡᠯᠡᠨ ᠵᠠᠰᠠᠯᠲᠠ ᠶᠢᠨ ᠨᠠᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠬᠤᠷᠠᠯ ᠠᠴᠠ᠂ ᠭᠤᠣᠯᠳᠠᠯᠭ᠎ᠠ ᠲᠠᠢ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠨ ᠪᠣᠭᠤᠮᠲᠠ ᠰᠢᠪᠲᠤᠯᠵᠤ᠂ ᠬᠦᠴᠦ ᠪᠠᠨ ᠲᠥᠪᠯᠡᠷᠡᠭᠦᠯᠦᠨ ᠰᠥᠨᠥᠭᠡᠯᠳᠡ ᠶᠢᠨ ᠳᠠᠶᠢᠯᠠᠯᠳᠤᠭᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠣᠳᠠᠲᠠᠢ ᠴᠡᠭᠴᠡᠯᠡᠨ ᠵᠠᠰᠠᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠲᠤᠰᠢᠶᠠᠵᠤ ᠦᠭᠭᠦᠭᠰᠡᠨ ᠠᠰᠠᠭᠤᠳᠠᠯ ᠤᠨ ᠨᠠᠷᠢᠨ ᠳᠠᠩᠰᠠ᠂ ᠰᠢᠶᠳᠪᠦᠷᠢᠯᠡᠬᠦ ᠱᠠᠭᠠᠷᠳᠠᠯᠭ᠎ᠠ ᠶᠣᠰᠣᠭᠠᠷ᠂ ᠴᠡᠭᠴᠡᠯᠡᠨ ᠵᠠᠰᠠᠬᠤ ᠶᠢᠨ 《ᠴᠠᠭ ᠤᠨ ᠬᠦᠰᠦᠨᠦᠭᠲᠦ》 ᠪᠠ 《ᠵᠠᠮ ᠱᠤᠭᠤᠮ ᠤᠨ ᠵᠢᠷᠤᠭ》 ᠢ ᠲᠣᠳᠣᠷᠬᠠᠶᠢᠯᠠᠵᠤ᠂ ᠨᠢᠭᠡ ᠨᠢᠭᠡ ᠭᠠᠵᠠᠷ ᠤᠷᠤᠨ ᠢᠶᠠᠷ ᠭᠦᠶᠴᠡᠳᠭᠡᠵᠦ᠂ ᠨᠢᠭᠡ ᠨᠢᠭᠡ ᠡᠭᠦᠷᠭᠡ ᠪᠠᠷ ᠤᠷᠤᠭᠰᠢ ᠠᠬᠢᠭᠤᠯᠵᠤ᠂ ᠬᠠᠷᠠᠯᠲᠠ ᠳᠠᠭᠠᠨ ᠵᠤᠷᠢᠨ ᠤᠷᠤᠭᠰᠢᠯᠠᠵᠤ᠂ ᠠᠰᠠᠭᠤᠳᠠᠯ ᠢ ᠵᠤᠷᠢᠨ ᠰᠠᠶᠢᠵᠢᠷᠠᠭᠤᠯᠵᠤ᠂ ᠦᠷ᠎ᠡ ᠳ᠋ᠦᠩ ᠢᠶᠠᠨ ᠪᠠᠷᠢᠵᠤ ᠲᠠᠩᠰᠠ ᠲᠤᠰᠢᠶᠠᠬᠤ ᠬᠡᠷᠡᠭᠲᠡᠶ᠃ ᠠᠰᠠᠭᠤᠳᠠᠯ ᠢ ᠴᠡᠭᠴᠡᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠪᠠᠷᠢᠮᠵᠢᠶ᠎ᠠ ᠶᠢ ᠪᠠᠭᠤᠷᠠᠭᠤᠯᠬᠤ᠂ ᠱᠠᠭᠠᠷᠳᠠᠯᠭ᠎ᠠ ᠶᠢ ᠳᠤᠷᠤᠭᠰᠢᠯᠠᠭᠤᠯᠬᠤ ᠶᠢ ᠤᠬᠳᠤ ᠵᠥᠪᠰᠢᠶᠡᠷᠡᠬᠦ ᠦᠭᠡᠢ᠂ ᠴᠡᠭᠴᠡᠯᠡᠨ ᠵᠠᠰᠠᠬᠰᠠᠨ ᠠᠵᠢᠯ ᠨᠢ ᠬᠢᠷᠢ ᠲᠡᠩᠴᠡᠬᠦ ᠦᠭᠡᠢ᠂ ᠪᠠᠷᠢᠮᠵᠢᠶ᠎ᠠ ᠳᠤ ᠬᠦᠷᠬᠦ ᠦᠭᠡᠢ ᠪᠤᠯ ᠳᠠᠬᠢᠵᠤ ᠬᠢᠯᠭᠡᠬᠦ ᠪᠠᠷ ᠱᠠᠭᠠᠷᠳᠠᠬᠤ ᠬᠡᠷᠡᠭᠲᠡᠢ᠃ ᠲᠤᠰᠬᠠᠶ ᠴᠡᠭᠴᠡᠯᠡᠨ ᠵᠠᠰᠠᠯᠳᠠ ᠶᠢᠨ ᠲᠥᠪᠯᠡᠷᠡᠩᠭᠦᠶ ᠳᠠᠶᠢᠯᠠᠯᠳᠤᠭᠠᠨ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠪᠡᠶᠡᠯᠡᠭᠦᠯᠵᠦ ᠳᠡᠶᠢᠯᠦᠭᠡᠳᠦᠶ ᠪᠠ   ᠴᠢᠨᠠᠷᠲᠠᠶ ᠪᠠᠷ ᠪᠡᠶᠡᠯᠡᠭᠦᠯᠦᠭᠰᠡᠨ ᠴᠡᠭᠴᠡᠯᠡᠨ ᠵᠠᠰᠠᠬᠤ ᠡᠭᠦᠷᠭᠡ ᠶᠢ ᠨᠢᠭᠡ ᠨᠢᠭᠡ ᠪᠠᠷ ᠰᠤᠳᠤᠯᠤᠨ ᠰᠢᠶᠳᠪᠦᠷᠢᠯᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠢ ᠨᠡᠬᠡᠮᠵᠢᠯᠡᠨ ᠬᠤᠷᠢᠶᠠᠬᠤ᠂ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ ᠰᠢᠶᠳᠪᠦᠷᠢᠯᠡᠬᠦ᠂ ᠨᠡᠭᠦᠷᠡᠰᠦ ᠳᠤ ᠬᠤᠯᠪᠣᠭᠳᠠᠭᠰᠠᠨ ᠢᠯᠵᠠᠷᠠᠯ ᠤᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠲᠣᠪᠣᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠬᠤᠬᠢᠷᠠᠯ ᠢ ᠨᠡᠬᠡᠮᠵᠢᠯᠡᠬᠦ ᠬᠤᠬᠢᠷᠠᠯ ᠢ ᠡᠭᠡᠭᠦᠯᠦᠨ ᠠᠪᠴᠢᠷᠠᠬᠤ ᠪᠠ ᠡᠬᠢ ᠪᠠᠶᠠᠯᠢᠭ ᠢ ᠴᠡᠪᠡᠷᠯᠡᠨ ᠬᠤᠷᠢᠶᠠᠬᠤ ᠶᠢ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠠᠷᠠᠯᠲᠠ ᠡᠭᠦᠷᠭᠡ ᠶᠢ ᠣᠨᠣᠪᠴᠢᠲᠠᠶ ᠲᠣᠭᠲᠠᠭᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠰᠢᠶᠳᠪᠦᠷᠢᠯᠡᠬᠦ ᠶᠢ ᠪᠠᠷᠢᠮᠲᠠᠯᠠᠨ᠂ ᠨᠡᠭᠦᠷᠡᠰᠦ ᠲᠠᠢ ᠬᠤᠯᠪᠣᠭᠳᠠᠭᠰᠠᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠡᠬᠡᠮᠵᠢᠯᠡᠨ ᠬᠤᠷᠢᠶᠠᠵᠤ ᠡᠭᠡᠭᠦᠯᠦᠨ ᠠᠪᠴᠢᠷᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠤᠨ 《ᠭᠠᠭᠴᠠ ᠮᠦᠬᠦᠯᠢᠭ ᠢ ᠴᠤ ᠰᠦᠢᠳᠭᠡᠬᠦ ᠦᠭᠡᠢ ᠪᠠᠷ ᠡᠭᠡᠭᠦᠯᠬᠦ》 ᠬᠡᠷᠡᠭᠲᠡᠶ ᠭᠡᠵᠤ ᠴᠢᠬᠤᠯᠠᠴᠢᠯᠠᠵᠠᠢ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠳᠤᠭᠤᠶᠢᠯᠠᠩ ᠵᠢᠴᠢ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠬᠡᠷ᠂ ᠡᠯ᠎ᠡ ᠠᠵᠢᠯᠯᠠᠬᠤ ᠳᠤᠭᠤᠶᠢᠯᠠᠩ ᠤᠨ ᠬᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠴᠦᠰ ᠲᠤᠨᠢ ᠲᠤᠯᠲᠠᠯ᠎ᠠ ᠪᠣᠳᠠᠲᠠᠶᠢᠵᠢᠭᠤᠯᠵᠤ᠂ ᠡᠯ᠎ᠡ ᠱᠠᠲᠤ ᠡᠯ᠎ᠡ ᠲᠠᠯ᠎ᠠ ᠶᠢᠨ ᠬᠢᠨ ᠦᠷᠭᠦᠯᠵᠢᠯᠡᠨ ᠪᠠᠶᠢᠯᠳᠤᠬᠤ᠂ ᠦᠷᠭᠦᠯᠵᠢᠯᠡᠨ ᠪᠣᠭᠤᠮᠲᠠ ᠰᠢᠪᠲᠤᠯᠬᠤ ᠡᠷᠴᠢ ᠵᠣᠷᠢᠭ ᠢᠶᠠᠨ ᠢᠮᠠᠭᠲᠠ ᠪᠠᠲᠤᠯᠠᠬᠤ ᠶᠢ ᠬᠥᠲᠥᠯᠥᠨ ᠳᠠᠭᠠᠭᠤᠯᠬᠤ ᠪᠠ ᠠᠬᠢᠭᠤᠯᠵᠤ᠂ ᠲᠤᠰᠬᠠᠶ ᠴᠡᠭᠴᠡᠯᠡᠨ ᠵᠠᠰᠠᠯᠲᠠ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠣᠷᠳᠣ ᠬᠤᠭᠤᠴᠠᠭ᠎ᠠ ᠪᠠᠷ ᠴᠢᠩᠭ᠎ᠠ ᠠᠳᠬᠤᠬᠤ ᠴᠢᠩᠭ᠎ᠠ ᠳᠣᠬᠢᠶ᠎ᠠ ᠶᠢ ᠦᠷᠭᠦᠯᠵᠢᠯᠡᠨ ᠲᠠᠯᠪᠢᠬᠤ ᠬᠡᠷᠡᠭᠲᠡᠶ᠃ ᠠᠵᠢᠯ ᠤᠨ ᠠᠬᠢᠴᠠ ᠨᠢ ᠤᠳᠠᠭᠠᠨ᠂ ᠠᠷᠭ᠎ᠠ ᠬᠡᠮᠵᠢᠶ᠎ᠡ ᠨᠢ ᠬᠦᠴᠦᠨ ᠦᠭᠡᠢ᠂ ᠦᠷ᠎ᠡ ᠪᠦᠲᠦᠮᠵᠢ ᠨᠢ ᠢᠯᠡᠷᠬᠡᠶ ᠪᠤᠰᠤ ᠭᠠᠵᠠᠷ ᠣᠷᠣᠨ ᠪᠠ ᠰᠠᠯᠠᠭ᠎ᠠ ᠮᠥᠴᠢᠷ ᠢ ᠱᠠᠯᠠᠪᠳᠠᠭᠤᠯᠤᠨ ᠰᠢᠶᠳᠪᠦᠷᠢᠯᠡᠭᠦᠯᠬᠦ ᠶᠣᠰᠣᠲᠠᠶ ᠶᠢ ᠨᠢ ᠱᠠᠯᠠᠪᠳᠠᠭᠤᠯᠤᠨ ᠰᠢᠶᠳᠪᠦᠷᠢᠯᠡᠭᠦᠯᠵᠦ᠂ ᠵᠠᠷᠯᠠᠬᠤ ᠶᠣᠰᠣᠲᠠᠶ ᠶᠢ ᠨᠢ ᠵᠠᠷᠯᠠᠵᠤ᠂ ᠠᠯᠪᠠ ᠬᠠᠰᠢᠵᠤ ᠬᠠᠰᠢ ᠶᠠᠰᠢ ᠬᠢᠭᠰᠡᠨ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠪᠤᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭᠳᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠤᠨ ᠡᠷᠴᠢᠮ ᠢ ᠴᠢᠩᠭᠠᠷᠠᠭᠤᠯᠵᠤ᠂ ᠭᠦᠨᠵᠡᠭᠡᠶᠢᠷᠡᠭᠦᠯᠦᠨ ᠵᠠᠰᠠᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠪᠣᠳᠠᠲᠠᠢ ᠴᠡᠭᠴᠡᠯᠡᠨ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃

 

 

 


   :                    
   :           
备案序号:蒙ICP备05003250号 公安备案15010502000173