ᠵᠤᠬᠢᠶᠠᠭᠴᠢ: ᠴᠠᠭ:2021-12-17 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠱᠢ ᠲᠠᠢ ᠹᠧᠩ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠳᠠᠭᠠᠨ ᠴᠢᠬᠤᠯᠠᠴᠢᠯᠠᠭᠰᠠᠨ ᠨᠢ ᠡᠭᠦᠷᠭᠡ ᠲᠤᠰᠢᠶᠠᠯ ᠢᠶᠠᠨ ᠴᠢᠩᠭ᠎ᠠ ᠨᠢᠮᠪᠠᠢ ᠭᠦᠶᠴᠡᠳᠭᠡᠵᠦ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠬᠡᠯᠳᠡ  ᠶᠢᠨ ᠳᠠᠶᠢᠯᠠᠯᠳᠤᠭᠠᠨ ᠤ

ᠱᠢ ᠲᠠᠢ ᠹᠧᠩ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠳᠠᠭᠠᠨ ᠴᠢᠬᠤᠯᠠᠴᠢᠯᠠᠭᠰᠠᠨ ᠨᠢ ᠡᠭᠦᠷᠭᠡ ᠲᠤᠰᠢᠶᠠᠯ ᠢᠶᠠᠨ ᠴᠢᠩᠭ᠎ᠠ ᠨᠢᠮᠪᠠᠢ ᠭᠦᠶᠴᠡᠳᠭᠡᠵᠦ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠬᠡᠯᠳᠡ  ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ  ᠸᠠᠩ ᠯᠢ ᠰᠢᠶᠠ ᠣᠷᠣᠯᠴᠠᠵᠠᠢ

2021 12  ᠰᠠᠷ᠎ᠠ ᠶᠢᠨ12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠸᠢᠳᠢᠣ᠋ ᠬᠡᠯᠪᠡᠷᠢ ᠪᠠᠷ ᠬᠤᠷᠠᠯ ᠡᠷᠬᠢᠯᠡᠨ ᠬᠤᠷᠠᠯᠳᠤᠭᠤᠯᠵᠤ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠪᠠ᠃ ᠲᠡᠷᠡ᠂ ᠣᠳᠣᠬᠠᠨ ᠳᠤ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠬᠠᠮᠤᠭ ᠤᠨ ᠴᠢᠬᠤᠯᠠ ᠴᠠᠭ ᠦᠶ᠎ᠡ ᠳᠡᠭᠡᠨ ᠣᠷᠣᠰᠢᠵᠤ ᠪᠠᠶᠢᠨ᠎ᠠ᠂ ᠡᠯ᠎ᠡ ᠲᠠᠯ᠎ᠠ ᠶᠢᠨ ᠬᠢᠨ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠨᠢᠮᠪᠠᠢ ᠭᠦᠶᠴᠡᠳᠭᠡᠵᠦ᠂ ᠪᠥᠬᠦ ᠬᠦᠴᠦᠨ ᠢᠶᠠᠷ ᠢᠶᠠᠨ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ ᠭᠡᠵᠤ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠠᠴᠠ ᠬᠤᠷᠠᠯ ᠳᠤ ᠣᠷᠣᠯᠴᠠᠪᠠ᠃

ᠬᠤᠷᠠᠯ ᠠᠴᠠ ᠮᠠᠨᠵᠤᠤᠷ ᠤᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠷᠢᠭᠤ ᠮᠡᠳᠡᠭᠦᠯᠦᠯᠲᠡ ᠶᠢ ᠰᠣᠨᠣᠰᠪᠠ᠃ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠦᠴᠦᠲᠡᠢ ᠳᠡᠮᠵᠢᠯᠭᠡ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠣᠳᠣᠬᠠᠨ ᠳᠤ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ   ᠴᠢᠨᠠᠷᠲᠠᠶ ᠦᠷ᠎ᠡ ᠪᠦᠲᠦᠮᠵᠢ ᠤᠯᠤᠬᠰᠡᠨ ᠪᠤᠯᠪᠠᠴᠤ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ᠂ ᠡᠭᠦᠷᠭᠡ ᠬᠠᠲᠠᠭᠤ ᠪᠡᠷᠬᠡ ᠨᠦᠰᠡᠷ ᠬᠦᠨᠳᠦ ᠪᠠᠶᠢᠵᠤ᠂ ᠠᠷᠭᠠᠴᠠᠭᠠᠨ ᠰᠢᠶᠳᠪᠦᠷᠢᠯᠡᠬᠦ ᠠᠵᠢᠯ ᠳᠤ ᠥᠴᠦᠬᠡᠨ ᠴᠦ ᠠᠯᠮᠠᠶᠢᠷᠠᠨ ᠴᠠᠯᠠᠭᠠᠶᠢᠷᠠᠵᠤ ᠪᠣᠯᠬᠤ ᠥᠬᠡᠶ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠣᠭᠤᠮᠲᠠ ᠰᠢᠪᠲᠤᠯᠬᠤ ᠣᠪᠣᠷ ᠪᠠᠶᠢᠳᠠᠯ ᠢᠶᠠᠨ ᠪᠠᠲᠤᠯᠠᠵᠤ᠂ ᠡᠯ᠎ᠡ ᠵᠦᠢᠯ ᠤᠨ ᠡᠭᠦᠷᠭᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠭᠤᠭᠴᠤᠭ᠎ᠠ ᠪᠦᠷᠢ ᠶᠢᠨ ᠰᠡᠷᠭᠡᠶᠢᠯᠡᠨ ᠡᠵᠡᠮᠳᠡᠬᠦ ᠠᠵᠢᠯ ᠢ ᠠᠯᠬᠤᠭ᠎ᠠ ᠨᠢᠭᠡᠳᠠᠢ᠂ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠮᠠᠨᠵᠤᠤᠷ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠤᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠹᠷᠣᠨᠲ ᠲᠤ ᠵᠣᠭᠰᠣᠵᠤ᠂ ᠨᠢᠭᠡᠳᠦᠭᠡᠷ ᠹᠷᠣᠨᠲ ᠲᠤ ᠠᠵᠢᠯᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠭᠡᠵᠦ᠂ ᠬᠦᠴᠦᠨ ᠢᠶᠠᠨ ᠬᠤᠪᠢᠶᠠᠷᠢᠯᠠᠨ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃       

ᠱᠢ ᠲᠠᠢ ᠹᠧᠩ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦᠨ ᠢ  ᠤ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠶᠢ ᠲᠦᠷᠭᠡᠳᠭᠡᠨ ᠰᠠᠶᠢᠲᠤᠷ ᠬᠢᠬᠦ ᠬᠡᠷᠡᠭᠲᠡᠢ᠃ ᠬᠠᠮᠤᠭ ᠤᠨ ᠴᠢᠩᠭ᠎ᠠ ᠲᠤᠰᠠᠭᠠᠷᠯᠠᠬᠤ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ᠂ ᠰᠠᠭᠤᠭᠠᠯᠢ ᠠᠷᠠᠳ ᠤᠨ ᠲᠣᠭᠤᠷᠢᠭ ᠤᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠶᠢ ᠤᠯᠠᠮ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠬᠥᠮᠦᠰ ᠤᠨ ᠡᠯ᠎ᠡ ᠵᠦᠢᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠬᠡᠰᠡᠭ ᠤᠨ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠸᠢᠷᠦ᠋ᠰ ᠤᠨ ᠬᠠᠯᠳᠠᠪᠤᠷᠢᠯᠠᠬᠤ ᠵᠠᠮ ᠢ ᠵᠠᠪᠠᠯ ᠪᠦᠳᠦᠮᠵᠢᠳᠠᠢ ᠲᠠᠰᠤᠯᠬᠤ ᠬᠡᠷᠡᠭᠲᠡᠢ᠃ ᠡᠯ᠎ᠡ ᠵᠦᠶᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠳᠬᠠᠵᠤ᠂ ᠡᠯ᠎ᠡ ᠲᠥᠷᠥᠯ ᠤᠨ ᠡᠳ᠋ ᠪᠣᠳᠠᠰ ᠪᠠ ᠲᠠᠯᠠᠪᠤᠷ ᠭᠠᠵᠠᠷ ᠢ ᠭᠦᠶᠴᠡᠳ ᠪᠡᠯᠡᠳᠭᠡᠨ ᠪᠦᠷᠢᠳᠦᠭᠦᠯᠵᠦ᠂ ᠡᠯ᠎ᠡ ᠲᠠᠯ᠎ᠠ ᠶᠢᠨ ᠠᠵᠢᠯᠲᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠮᠤᠭ ᠤᠨ ᠰᠢᠯᠢᠳᠡᠭ ᠡᠮᠴᠢ ᠰᠤᠪᠢᠯᠠᠭᠴᠢ᠂ ᠬᠠᠮᠤᠭ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠵᠣᠬᠢᠶᠠᠨ ᠪᠠᠶᠢᠭᠤᠯᠵᠤ ᠣᠨᠣᠰᠢᠯᠠᠭᠰᠠᠨ ᠡᠪᠡᠳᠴᠢᠲᠡᠨ ᠢ ᠪᠦᠬᠦ ᠬᠦᠴᠦ ᠪᠠᠷ ᠢᠶᠠᠨ ᠠᠪᠤᠷᠠᠨ ᠵᠠᠰᠠᠵᠤ᠂ ᠬᠦᠨᠳᠦ ᠡᠪᠡᠳᠴᠢᠲᠡᠨ ᠢ ᠰᠢᠯᠵᠢᠭᠦᠯᠦᠨ ᠵᠥᠭᠡᠭᠡᠪᠦᠷᠢᠯᠡᠬᠦ ᠪᠠ ᠠᠪᠤᠷᠠᠨ ᠵᠠᠰᠠᠬᠤ ᠠᠵᠢᠯ ᠢ ᠨᠠᠷᠢᠨ ᠨᠢᠭᠲᠠ ᠰᠠᠶᠢᠲᠤᠷ ᠬᠢᠬᠦ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠠᠭ ᠮᠥᠴᠡ ᠶᠢ ᠠᠯᠳᠠᠯ ᠦᠭᠡᠢ ᠲᠦᠷᠭᠡᠨ ᠨᠠᠶᠢᠳᠠᠪᠤᠷᠢᠵᠢᠭᠤᠯᠵᠤ᠂ ᠪᠣᠳᠠᠲᠠᠢ ᠶᠢ ᠡᠷᠬᠢᠮᠯᠡᠬᠦ ᠥᠨᠳᠥᠷ ᠪᠦᠲᠦᠮᠵᠢᠲᠡᠢ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠷᠲᠠᠯ ᠴᠢᠩᠭ᠎ᠠ ᠪᠢᠰᠢ ᠪᠣᠳᠠᠲᠠᠢ ᠪᠢᠰᠢ ᠪᠠᠶᠢᠪᠠᠯ ᠰᠠᠨᠠᠭᠤᠯᠬᠤ ᠶᠣᠰᠣᠲᠠᠢ ᠳᠤᠨᠢ ᠰᠠᠨᠠᠭᠤᠯᠵᠤ᠂ ᠬᠠᠷᠢᠭᠤᠴᠠᠯᠭ᠎ᠠ ᠲᠤᠯᠭᠠᠬᠤ ᠶᠣᠰᠣᠲᠠᠢ ᠳᠤᠨᠢ ᠬᠠᠷᠢᠭᠤᠴᠠᠯᠭ᠎ᠠ ᠲᠤᠯᠭᠠᠵᠦ᠂ ᠪᠠᠭᠤᠯᠭᠠᠵᠤ ᠰᠤᠯᠢᠬᠤ ᠶᠣᠰᠣᠲᠠᠢ ᠶᠢ ᠨᠢ ᠪᠠᠭᠤᠯᠭᠠᠵᠤ ᠰᠤᠯᠢᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠤ ᠬᠢᠨ ᠣᠶᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠵᠠᠯᠭᠠᠭ᠎ᠠ ᠪᠠᠷ ᠭᠠᠷᠤᠭᠰᠠᠨ ᠠᠯᠳᠠᠭ᠎ᠠ ᠠᠴᠠ ᠬᠦᠨᠵᠡᠭᠡᠢ ᠰᠤᠷᠭᠠᠮᠵᠢ ᠠᠪᠴᠤ᠂ ᠴᠢᠩᠭ᠎ᠠ ᠪᠣᠳᠠᠲᠠᠶ ᠪᠠᠷ ᠲᠣᠭᠲᠡᠴᠠ ᠪᠠᠨ ᠴᠢᠩᠭᠠᠳᠬᠠᠵᠤ᠂ ᠨᠢᠭᠡ ᠠᠴᠠ ᠵᠦᠶᠴᠢᠯᠡᠨ ᠨᠥᠭᠦᠭᠡ ᠶᠢ ᠮᠡᠳᠡᠵᠦ ᠲᠤᠳᠠᠭᠤᠳᠠᠯ ᠢ ᠨᠦᠬᠦᠪᠦᠷᠢᠯᠡᠵᠤ᠂ ᠪᠣᠶ ᠪᠥᠬᠦᠶ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠢᠭᠡᠳ ᠨᠢᠭᠡ ᠪᠠᠷ ᠤᠶᠢᠯᠠᠭᠠᠨ ᠵᠢᠭᠰᠠᠭᠠᠵᠤ ᠬᠠᠮᠲᠤᠷᠠᠨ ᠣᠨᠣᠰᠢᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠲᠠᠰ ᠳᠡᠪᠰᠢᠭᠦᠯᠵᠦ ᠪᠤᠳᠠᠳᠠᠢ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠪᠦᠬᠦᠨ ᠢ  ᠠᠮᠤᠷ ᠲᠦᠪᠰᠢᠨ ᠤ ᠪᠦᠲᠦᠮᠵᠢᠲᠡᠶ ᠬᠠᠮᠢᠶᠠᠷᠤᠯᠲᠠ ᠡᠵᠡᠮᠳᠡᠯ ᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠶᠠᠭᠠᠬᠢᠭᠰᠠᠨ ᠴᠤ ᠳᠠᠭᠢᠵᠤ ᠠᠯᠳᠠᠭ᠎ᠠ ᠪᠠ ᠠᠳᠡᠯ ᠭᠠᠷᠭᠠᠵᠤ ᠪᠣᠯᠬᠤ ᠥᠬᠡᠶ ᠭᠡᠵᠤ ᠴᠢᠬᠤᠯᠠᠴᠢᠯᠡᠪᠠ᠃

ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠠᠷᠤᠭ᠎ᠠ ᠸᠠᠩ ᠾᠧ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠣᠶᠢᠷ᠎ᠠ ᠶᠢᠨ ᠨᠢᠭᠡ ᠬᠤᠭᠤᠴᠠᠭᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃       

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠬᠤᠸᠠᠩ ᡁᠢ ᠴᠢᠶᠠᠩ᠂ ᠢᠤᠢ ᠯᠢ ᠰᠢᠨ᠂ ᠡᠸᠤ ᠶᠠᠩ ᠰᠢᠶᠤᠤ ᠬᠤᠶ᠂ ᠾᠧᠩ ᠰᠢᠶᠤᠤ ᠹᠠᠨ ᠬᠤᠷᠠᠯ ᠳᠤ ᠣᠷᠣᠯᠴᠠᠵᠠᠶ᠃    

 

 

 


   :                    
   :           
备案序号:蒙ICP备05003250号 公安备案15010502000173