ᠵᠤᠬᠢᠶᠠᠭᠴᠢ: ᠴᠠᠭ:2021-12-17 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠸᠠᠩ ᠯᠢ ᠰᠢᠶᠠ ᠪᠦᠭᠦ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠲᠧᠯᠸᠢᠰ ᠤᠳᠠᠰᠦ ᠬᠤᠷᠠᠯ ᠲᠡᠭᠡᠷ᠎ᠠ ᠴᠢᠬᠤᠯᠠᠴᠢᠯᠠᠬᠰᠠᠨ ᠨᠢ ᠤᠯᠤᠰ ᠲᠥᠷᠥ ᠶᠢᠨ ᠲᠠᠯ᠎ᠠ ᠠᠴᠠ ᠦᠵᠡᠵᠥ ᠤᠯᠤᠰ ᠲᠥᠷᠥ ᠶᠢᠨ ᠲᠠᠯ᠎ᠠ ᠠᠴᠠ ᠪᠠᠶᠢᠴᠠᠭᠠᠵᠤ ᠤᠯᠤᠰ ᠲᠥᠷᠥ ᠶᠢᠨ ᠲᠠᠯ᠎ᠠ  ᠠᠴᠠ ᠰᠠᠶᠢᠵᠢᠷᠠᠭᠤᠯᠵᠥ ︽ᠭᠠᠳᠠᠨ᠎ᠠ 

ᠸᠠᠩ ᠯᠢ ᠰᠢᠶᠠ ᠪᠦᠭᠦ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠲᠧᠯᠸᠢᠰ ᠤᠳᠠᠰᠦ ᠬᠤᠷᠠᠯ ᠲᠡᠭᠡᠷ᠎ᠠ ᠴᠢᠬᠤᠯᠠᠴᠢᠯᠠᠬᠰᠠᠨ ᠨᠢ ᠤᠯᠤᠰ ᠲᠥᠷᠥ ᠶᠢᠨ ᠲᠠᠯ᠎ᠠ ᠠᠴᠠ ᠦᠵᠡᠵᠥ ᠤᠯᠤᠰ ᠲᠥᠷᠥ ᠶᠢᠨ ᠲᠠᠯ᠎ᠠ ᠠᠴᠠ ᠪᠠᠶᠢᠴᠠᠭᠠᠵᠤ ᠤᠯᠤᠰ ᠲᠥᠷᠥ ᠶᠢᠨ ᠲᠠᠯ᠎ᠠ  ᠠᠴᠠ ᠰᠠᠶᠢᠵᠢᠷᠠᠭᠤᠯᠵᠥ 《ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ》 ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠬᠦᠢᠴᠡᠳᠭᠡᠨ ᠬᠡᠷᠡᠭᠵᠢᠬᠦᠯᠬᠦ ᠬᠡᠷᠡᠭᠲᠡᠶ ᠭᠡᠵᠦ ᠴᠢᠬᠤᠯᠠᠴᠢᠯᠠᠪᠠ

2021 12  ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠤᠱᠯᠠᠭᠤᠯᠵᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠭᠵᠢᠷᠡᠯ ᠢ ᠠᠷᠢᠯᠭᠠᠨ ᠪᠦᠬᠦ ᠲᠠᠯ᠎ᠠ ᠶᠢ ᠵᠠᠰᠠᠵᠤ᠂ ᠡᠬᠢ ᠡᠭᠦᠰᠦᠯ ᠠᠴᠠ ᠨᠢ ᠠᠳᠬᠤᠨ ᠦᠨᠳᠦᠰᠦ ᠠᠴᠠ ᠨᠢ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠤᠷᠤᠯᠴᠠᠵᠤ ᠶᠠᠷᠢᠶ᠎ᠠ ᠳᠠᠯᠪᠢᠬᠤ ᠳᠠᠭᠠᠨ᠂ ᠮᠠᠨ ᠤ ᠤᠷᠤᠨ ᠤ ᠬᠢᠵᠢᠭ ᠤᠨ ᠪᠠᠶᠢᠳᠠᠯ ᠤᠨ ᠰᠡᠷᠬᠡᠶᠢᠯᠡᠯᠳᠡ ᠶᠢᠨ ᠱᠤᠭᠤᠮ ᠤᠳᠠᠭ᠎ᠠ ᠳᠠᠷᠠᠭᠠᠯᠠᠨ ᠡᠪᠳᠡᠭᠳᠡᠵᠤ᠂ ᠰᠡᠷᠬᠡᠶᠢᠯᠡᠨ ᠡᠵᠡᠮᠳᠡᠬᠦ ᠠᠵᠢᠯ ᠳᠤ ᠵᠠᠯᠭᠠᠭ᠎ᠠ ᠪᠠᠷ ᠠᠯᠳᠠᠰᠢ ᠭᠠᠷᠤᠬᠰᠠᠨ ᠤ ᠬᠦᠨ ᠳᠠᠪᠬᠤᠷᠭ᠎ᠠ ᠶᠢᠨ ᠤᠴᠢᠷ ᠰᠢᠯᠳᠠᠭᠠᠨ ᠢ ᠰᠢᠰᠲ᠋ᠧᠮ ᠲᠠᠢ ᠲᠤᠩᠭᠠᠨ ᠪᠤᠳᠤᠵᠥ᠂ ᠬᠦᠨᠵᠡᠬᠡᠢ ᠡᠷᠬᠢᠴᠡᠬᠦᠯᠵᠥ᠂ ᠤᠯᠤᠰ ᠲᠥᠷᠥ ᠶᠢᠨ ᠲᠠᠯ᠎ᠠ ᠠᠴᠠ ᠦᠵᠡᠬᠦ᠂  ᠤᠯᠤᠰ ᠲᠥᠷᠥ ᠶᠢᠨ ᠲᠠᠯ᠎ᠠ ᠠᠴᠠ ᠪᠠᠶᠢᠴᠠᠭᠠᠬᠤ᠂  ᠤᠯᠤᠰ ᠲᠥᠷᠥ ᠶᠢᠨ ᠲᠠᠯ᠎ᠠ ᠠᠴᠠ ᠰᠠᠶᠢᠵᠢᠷᠠᠭᠤᠯᠬᠤ ᠶᠢ ᠪᠠᠷᠢᠮᠳᠠᠯᠠᠵᠥ᠂ 《ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ》 ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠬᠦᠢᠴᠡᠳᠭᠡᠨ ᠬᠡᠷᠡᠭᠵᠢᠬᠦᠯᠬᠦ ᠬᠡᠷᠡᠭᠲᠡᠶ ᠬᠡᠵᠥ ᠴᠢᠬᠤᠯᠠᠴᠢᠯᠠᠪᠠ᠃       

ᠸᠠᠩ ᠯᠢ ᠰᠢᠶᠠ᠂ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠶᠡᠭᠡ ᠪᠠᠷ ᠦᠷᠪᠢᠰᠦᠨ ᠳᠡᠯᠭᠡᠷᠡᠵᠦ ᠪᠠᠶᠢᠭ᠎ᠠ ᠵᠠᠩᠭᠢᠯᠠᠭ᠎ᠠ ᠶᠢᠨ ᠬᠤᠭᠤᠴᠠᠭᠠᠨ ᠳᠤ 《ᠭᠠᠳᠠᠨ᠎ᠠ  ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ》 ᠡᠯ᠎ᠡ ᠵᠦᠢᠯ ᠤᠨ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠴᠢᠳᠠᠬᠤ ᠡᠰᠡᠬᠦ ᠨᠢ ᠳᠠᠷᠤᠢ ᠤᠯᠤᠰ ᠲᠦᠷᠦ ᠶᠢᠨ ᠤᠬᠠᠮᠰᠠᠷ ᠢ ᠪᠠᠶᠢᠴᠠᠭᠠᠵᠥ᠂ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢ ᠰᠢᠯᠭᠠᠵᠤ᠂ ᠤᠯᠤᠰ ᠲᠦᠷᠦ ᠶᠢᠨ ᠴᠢᠳᠠᠪᠤᠷᠢ ᠶᠢ ᠳᠤᠷᠰᠢᠵᠥ ᠪᠠᠶᠢᠭ᠎ᠠ ᠶᠠᠪᠤᠳᠠᠯ ᠪᠣᠯᠤᠨ᠎ᠠ᠃ ᠤᠯᠤᠰ ᠲᠥᠷᠥ ᠶᠢᠨ ᠲᠠᠯ᠎ᠠ ᠪᠠᠷ ᠭᠦᠨᠵᠡᠭᠡᠶ ᠲᠤᠩᠭᠠᠨ ᠪᠣᠳᠣᠯᠬᠢᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠦᠨᠳᠦᠷᠴᠡ ᠠᠴᠠ ᠳᠡᠭᠡᠳᠦ ᠭᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ 《ᠤᠯᠤᠰ ᠤᠨ ᠶᠡᠭᠡ ᠶᠠᠪᠤᠳᠠᠯ》 ᠢ ᠰᠡᠳᠭᠢᠯ ᠳᠡᠭᠡᠨ ᠬᠠᠳᠠᠩᠰᠢᠭᠤᠯᠵᠥ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ  ᠲᠤᠤᠱᠯᠠᠭᠤᠯᠵᠤ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠥ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠥ᠂ ᠶᠠᠭᠠᠬᠢᠭᠰᠠᠨ ᠴᠦ ᠠᠰᠠᠭᠤᠳᠠᠯ ᠢ ᠡᠷᠢᠵᠦ ᠭᠠᠷᠭᠠᠨ᠂ ᠤᠭ ᠦᠨᠳᠦᠰᠦ ᠶᠢ ᠨᠢ ᠤᠬᠤᠵᠤ  ᠂ ᠴᠢᠳᠠᠯ ᠤᠨ ᠬᠢᠷᠢ ᠪᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠤ᠂ ᠠᠵᠢᠯ ᠢᠶᠠᠨ ᠴᠢᠩᠭᠠᠳᠬᠠᠵᠥ᠂ ᠪᠦᠬᠦ ᠬᠦᠴᠦ ᠪᠠᠷ ᠢᠶᠠᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠥ᠂ ᠤᠯᠤᠰ ᠤᠨ ᠡᠭᠦᠳᠡ ᠪᠠᠨ ᠰᠠᠬᠢᠨ ᠬᠠᠮᠠᠭᠠᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      

ᠸᠠᠩ ᠯᠢ ᠰᠢᠶᠠ᠂ ᠠᠵᠢᠯ ᠤᠨ ᠲᠠᠯ᠎ᠠ ᠪᠠᠷ ᠭᠦᠨᠵᠡᠭᠡᠢ ᠲᠤᠩᠭᠠᠨ ᠪᠣᠳᠣᠯᠬᠢᠯᠠᠵᠤ᠂ ᠤᠷᠤᠰᠢᠵᠥ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠨᠢ ᠰᠢᠢᠳᠪᠦᠷᠢᠯᠡᠵᠥ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠥᠴᠦᠬᠡᠨ ᠴᠦ ᠠᠯᠳᠠᠯ ᠦᠭᠡᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠭᠦᠨᠵᠡᠭᠡᠶ ᠰᠤᠷᠭᠠᠮᠵᠢ ᠠᠪᠴᠤ᠂ ᠲᠤᠰᠬᠠᠶ ᠪᠠᠬ  ᠢᠶᠠᠷ ᠵᠢᠭᠰᠠᠭᠠᠨ ᠪᠠᠶᠢᠴᠠᠭᠠᠵᠤ᠂ ᠲᠤᠰᠬᠠᠶ ᠰᠣᠷᠢᠯᠲᠠ ᠬᠢᠵᠦ᠂ ᠲᠤᠰᠬᠠᠶ ᠰᠡᠳᠦᠪ ᠢᠶᠠᠷ ᠰᠤᠷᠤᠯᠴᠠᠵᠤ᠂ ᠲᠤᠰᠬᠠᠶ ᠮᠡᠷᠭᠡᠵᠢᠯ ᠢᠶᠠᠷ ᠬᠠᠮᠢᠶᠠᠷᠤᠨ ᠡᠵᠡᠮᠳᠡᠵᠦ᠂ ᠢᠴᠢᠭᠦᠷᠢ  ᠪᠠᠨ ᠮᠡᠳᠡᠨ ᠡᠷᠡᠯᠬᠡᠭ ᠢᠶᠠᠷ ᠲᠡᠮᠡᠴᠡᠵᠦ᠂ ᠬᠤᠨᠢ ᠪᠠᠨ ᠠᠯᠳᠠᠭᠠᠳ ᠬᠤᠷᠤᠭ᠎ᠠ ᠪᠠᠨ ᠨᠥᠬᠦᠵᠥ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠳᠡᠢ᠃ 《ᠳᠥᠷᠪᠡᠨ ᠡᠷᠲᠡ》  ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷᠲᠠᠶ ᠬᠥᠮᠦᠰ ᠢ ᠴᠠᠭ ᠲᠤᠬᠠᠶ ᠳᠤᠨᠢ ᠡᠵᠡᠮᠳᠡᠬᠦ ᠶᠢ ᠦᠨᠡᠨ ᠬᠦ ᠪᠠᠲᠤᠯᠠᠵᠤ᠂ ᠬᠠᠯᠠᠭᠤᠷᠠᠭᠰᠠᠨ ᠰᠡᠵᠢᠭᠯᠡᠯᠲᠡᠶ ᠡᠪᠡᠳᠴᠢᠲᠡᠨ ᠢ ᠴᠠᠭ ᠲᠤᠬᠠᠶ ᠳᠤᠨᠢ ᠲᠤᠰᠠᠭᠠᠷᠯᠠᠬᠤ ᠬᠡᠷᠡᠭᠲᠡᠶ᠃ ᠭᠤᠤᠯᠳᠠᠯᠭ᠎ᠠ ᠲᠠᠢ ᠭᠤᠭᠴᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠰᠠᠶᠢᠲᠤᠷ ᠬᠢᠵᠦ᠂ ᠴᠠᠭᠠᠨ ᠰᠠᠷ᠎ᠠ ᠶᠢᠨ  ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠡᠵᠡᠮᠳᠡᠵᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠬᠠᠮᠢᠶᠠᠷᠴᠤ᠂ ᠸᠠᠺᠼᠢᠨ ᠤ ᠲᠠᠷᠢᠯᠭ᠎ᠠ ᠶᠢ ᠴᠢᠩᠭ᠎ᠠ ᠠᠬᠢᠭᠤᠯᠵᠤ᠂ ᠶᠠᠮᠠᠷ ᠴᠤ ᠠᠯᠳᠠᠭ᠎ᠠ ᠪᠤᠷᠤᠭᠤ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃

ᠸᠠᠩ ᠯᠢ ᠰᠢᠶᠠ᠂ ᠬᠠᠷᠢᠭᠤᠴᠠᠯᠭ᠎ᠠ ᠶᠢᠨ ᠲᠠᠯ᠎ᠠ ᠪᠠᠷ ᠭᠦᠨᠵᠡᠭᠡᠢ ᠲᠤᠩᠭᠠᠨ ᠪᠣᠳᠣᠯᠬᠢᠯᠠᠵᠤ᠂ ᠡᠷᠬᠡᠪᠰᠢ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠦᠢᠯᠠ ᠠᠵᠢᠯᠯᠠᠭ᠎ᠠ ᠳᠤᠮᠳᠠ ᠪᠠᠨ ᠭᠦᠢᠴᠡᠳᠭᠡᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ ᠴᠠᠭ ᠮᠥᠴᠡ ᠶᠢ ᠠᠯᠳᠠᠯ ᠦᠭᠡᠢ᠂ ᠦᠴᠦᠬᠡᠨ ᠴᠤ᠌ ᠵᠦᠷᠢᠶ᠎ᠠ ᠭᠠᠷᠭᠠᠬᠤ ᠦᠬᠡᠢ ᠪᠠᠷ ᠲᠤᠰᠠᠭᠠᠷᠯᠠᠬᠤ ᠴᠡᠭ ᠤᠨ ᠬᠠᠮᠢᠶᠠᠷᠤᠯᠲᠠ ᠡᠵᠡᠮᠳᠡᠯ ᠤᠨ ᠳᠤᠲᠠᠭᠳᠠᠯ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠤᠨ ᠳᠤᠲᠠᠭᠳᠠᠯ᠂ ᠰᠢᠯᠵᠢᠭᠦᠯᠦᠨ ᠵᠥᠭᠡᠭᠡᠪᠦᠷᠢᠯᠡᠬᠦ ᠠᠵᠢᠯ ᠤᠨ ᠳᠤᠲᠠᠭᠳᠠᠯ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠳᠤᠲᠠᠭᠳᠠᠯ᠂ ᠠᠵᠢᠯ ᠤᠨ ᠶᠠᠪᠤᠴᠠ ᠶᠢᠨ ᠳᠤᠲᠠᠭᠳᠠᠯ ᠪᠣᠯᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤᠲᠠᠭᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠵᠤ᠂ 《ᠬᠤᠶᠠᠷ ᠪᠠᠶᠠᠷ》 ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠢ ᠡᠷᠬᠢᠯᠡᠬᠦ ᠳᠤ ᠦᠨᠡᠨ ᠬᠦ ᠰᠠᠶᠢᠨ ᠰᠠᠶᠢᠬᠠᠨ ᠣᠷᠴᠢᠨ  ᠢ ᠡᠭᠦᠳᠴᠦ᠂ ᠠᠷᠠᠳ ᠤᠯᠠᠨ ᠤ 《ᠬᠤᠶᠠᠷ ᠪᠠᠶᠠᠷ》 ᠤᠨ ᠬᠤᠭᠤᠴᠠᠭᠠᠨ ᠳᠠᠬᠢ ᠡᠷᠡᠭᠦᠯ ᠮᠡᠨᠳᠦ ᠠᠮᠤᠷ ᠠᠮᠤᠭᠤᠯᠠᠩ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃       

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠤᠢ ᠯᠢ ᠰᠢᠨ᠂ ᠠᠶ ᠯᠢ ᠬᠤᠸᠠ᠂ ᠡᠸᠤ ᠶᠠᠩ ᠰᠢᠶᠤᠤ ᠡᠾᠦ᠋ᠢ᠂ ᠾᠧᠩ ᠰᠢᠶᠤᠤ ᠹᠠᠨ᠂ ᠴᠢ᠊ ᠪᠠᠲᠤ ᠲᠣᠰ ᠲᠣᠰ ᠬᠥᠬᠡᠬᠤᠲᠠ᠂ ᠬᠥᠯᠥᠨ ᠪᠣᠶᠢᠷ᠂ ᠮᠠᠨᠵᠤᠤᠷ ᠲᠤ ᠬᠤᠷᠠᠯ ᠳᠤ ᠣᠷᠣᠯᠴᠠᠵᠠᠶ᠃

 

 


   :                    
   :           
备案序号:蒙ICP备05003250号 公安备案15010502000173