ᠵᠤᠬᠢᠶᠠᠭᠴᠢ: ᠴᠠᠭ:2021-12-31 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ  ᠰᠢ ᠶᠢᠨ ᠫᠢᠩ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠡᠢ

 

ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ

ᠰᠢ ᠶᠢᠨ ᠫᠢᠩ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠡᠢ

ᠯᠢ ᠺᠧ ᠴᠢᠶᠠᠩ ᠱᠠᠭᠠᠷᠳᠠᠯᠭ᠎ᠠ ᠳᠤᠷᠠᠳᠴᠠᠢ

ᠰᠢᠨᠬᠤᠸᠠ ᠬᠤᠷᠢᠶ᠎ᠠ ᠶᠢᠨ ᠪᠡᠭᠡᠵᠢᠩ ᠤᠨ 2021  12  ᠰᠠᠷ᠎ᠠ ᠶᠢᠨ 26 ᠤ  ᠴᠠᠬᠢᠯᠭᠠᠨ ᠮᠡᠳᠡᠭᠡ    ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ 2021  12  ᠰᠠᠷ᠎ᠠ ᠶᠢᠨ 25  ᠠᠴᠠ 26 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ   ᠨᠠᠶᠢᠳᠠᠪᠤᠷᠢᠵᠢᠭᠤᠯᠵᠤ᠂ ᠣᠳᠣᠬᠠᠨ ᠤ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》  ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠠᠳᠠᠯᠵᠤ᠂ 2022 ᠣᠨ ᠤ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠰᠤᠳᠤᠯᠤᠨ ᠪᠠᠶᠢᠷᠢᠯᠠᠭᠤᠯᠪᠠ᠃

ᠬᠤᠷᠠᠯ ᠠᠴᠠ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠲᠤᠰᠬᠠᠢ ᠰᠡᠳᠦᠪ ᠢᠶᠠᠷ ᠰᠤᠳᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ ᠳᠤ᠂ ᠡᠷᠬᠡᠪᠰᠢ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠪᠠᠷ ᠭᠤᠣᠯᠳᠠᠭᠤᠯᠵᠤ᠂ ᠬᠥᠳᠡᠭᠡ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠰᠠᠶᠢᠲᠤᠷ ᠬᠢᠵᠦ᠂ ᠠᠷᠭ᠎ᠠ ᠬᠡᠮᠵᠢᠶ᠎ᠡ ᠶᠢ ᠴᠢᠩᠭ᠎ᠠ ᠪᠠᠶᠢᠯᠭᠠᠵᠥ᠂ ᠬᠦᠢᠴᠡᠳᠬᠡᠬᠦ ᠴᠢᠳᠠᠪᠤᠷᠢ ᠶᠢ ᠴᠢᠩᠭ᠎ᠠ ᠪᠠᠶᠢᠯᠭᠠᠵᠤ᠂  ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠳᠤᠯᠠᠵᠥ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃

ᠰᠢ ᠶᠢᠨ ᠫᠢᠩ᠂ ᠠᠩᠬᠠᠨ ᠤ ᠱᠠᠳᠤᠨ ᠤ ᠪᠦᠳᠦᠭᠡᠭᠳᠡᠭᠦᠨ ᠤ ᠬᠠᠩᠭᠠᠯᠭ᠎ᠠ ᠶᠢ ᠰᠠᠶᠢᠲᠤᠷ ᠪᠠᠲᠤᠯᠠᠬᠤ ᠪᠣᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠪᠣᠯᠤᠨ᠎ᠠ᠂ ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠬᠡᠵᠢᠶ᠎ᠡ ᠴᠦ ᠭᠡᠰᠡᠨ ᠥᠪᠡᠷ ᠤᠨ ᠭᠠᠷ ᠲᠠᠭᠠᠨ ᠪᠠᠲᠤ ᠠᠳᠬᠤᠵᠤ᠂ ᠪᠤᠳᠠᠭᠠᠨ ᠠᠶᠠᠭ᠎ᠠ ᠳᠠᠭᠠᠨ ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠤᠯᠠᠨ ᠢᠶᠠᠷ ᠢᠶᠠᠨ ᠴᠥᠮ ᠬᠠᠷᠢᠭᠤᠴᠠᠯᠭ᠎ᠠ ᠲᠠᠢ ᠶᠤᠮ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠳᠠᠯ᠎ᠠ ᠪᠠᠷ ᠦᠨᠡᠨ ᠬᠦ ᠦᠷ᠎ᠡ ᠪᠦᠲᠦᠮᠵᠢ ᠤᠯᠬᠤ ᠬᠡᠷᠡᠭᠲᠡᠢ᠃ ᠵᠦᠢ ᠵᠣᠬᠢᠰᠲᠠᠢ ᠪᠠᠶᠢᠷᠢᠯᠠᠭᠤᠯᠵᠤ᠂ ᠭᠤᠣᠯ ᠭᠠᠷᠤᠯᠲᠠ ᠶᠢᠨ ᠣᠷᠣᠨ᠂ ᠭᠤᠣᠯ ᠪᠣᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠢ ᠣᠷᠣᠨ ᠳᠤ ᠴᠥᠮ ᠲᠠᠯᠠᠪᠠᠢ ᠶᠢ ᠪᠠᠲᠤᠯᠠᠵᠤ ᠤᠨᠠᠯᠳᠠ ᠶᠢ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠱᠠᠭᠠᠷᠳᠠᠯᠭ᠎ᠠ ᠶᠢ ᠲᠤᠶᠢᠯ ᠤᠨ ᠲᠣᠳᠣᠷᠬᠠᠶ ᠪᠠᠶᠢᠯᠭᠠᠬᠤ ᠬᠡᠷᠡᠭᠲᠡᠶ᠂ 18 ᠳ᠋ᠦᠩᠰᠢᠭᠤᠷ ᠮᠥ ᠲᠠᠷᠢᠶᠠᠨ ᠭᠠᠵᠠᠷ ᠢ ᠡᠷᠬᠡᠪᠰᠢ ᠨᠡᠷ᠎ᠡ ᠨᠢᠳᠡᠷ ᠲᠤᠨᠢ ᠨᠡᠶᠢᠴᠡᠭᠦᠯᠦᠭᠰᠡᠨ ᠪᠠᠶᠢᠬᠤ ᠬᠡᠷᠡᠭᠲᠡᠶ᠂ ᠲᠠᠷᠢᠶᠠᠨ ᠭᠠᠵᠠᠷ ᠨᠢ ᠲᠠᠷᠢᠶᠠᠨ ᠭᠠᠵᠠᠷ ᠪᠣᠯᠬᠤ ᠪᠥᠭᠡᠳ ᠡᠷᠬᠡᠪᠰᠢ ᠰᠠᠶᠢᠨ ᠲᠠᠷᠢᠶᠠᠨ ᠭᠠᠵᠠᠷ ᠪᠠᠶᠢᠬᠤ ᠬᠡᠷᠡᠭᠲᠡᠶ᠃ ᠪᠦᠲᠦᠴᠡ ᠶᠢ ᠦᠨᠡᠨ ᠪᠣᠳᠠᠲᠠᠢ ᠪᠠᠷ ᠲᠤᠬᠢᠷᠠᠭᠤᠯᠵᠤ᠂ ᠰᠢᠷ᠎ᠠ ᠪᠤᠷᠴᠠᠭ ᠪᠠ ᠲᠤᠰᠤᠯᠢᠭ ᠳᠠᠷᠢᠮᠠᠯ ᠢ ᠥᠷᠭᠡᠳᠭᠡᠨ ᠲᠠᠷᠢᠵᠤ᠂ ᠬᠢᠨᠠᠨ ᠰᠢᠯᠭᠠᠵᠤ ᠪᠣᠯᠬᠤ ᠦᠷ᠎ᠡ ᠪᠦᠲᠦᠮᠵᠢ ᠤᠯᠬᠤ ᠬᠡᠷᠡᠭᠲᠡᠢ᠃ 《ᠬᠤᠯᠢᠰᠢᠨ ᠢᠳᠡᠭᠡᠨ》 ᠬᠤᠳᠠ ᠶᠢᠨ ᠳᠠᠷᠤᠭ᠎ᠠ  ᠲᠦᠷᠢᠮ ᠢ ᠦᠨᠡᠨ ᠬᠦ ᠨᠠᠶᠢᠳᠠᠪᠤᠷᠢᠵᠢᠭᠤᠯᠵᠤ᠂ ᠭᠠᠭ᠋ᠠᠢ ᠶᠢᠨ ᠮᠢᠬ᠎ᠠ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠲᠤᠰᠠᠯᠠᠬᠤ   ᠪᠦᠲᠦᠭᠡᠭᠳᠡᠬᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃

ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠤᠷᠢᠲᠠᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠡᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠶᠠᠪᠤᠳᠠᠯ ᠪᠣᠯᠤᠨ᠎ᠠ᠂ ᠦᠷᠭᠦᠯᠵᠢᠯᠡᠨ ᠴᠢᠩᠭ᠎ᠠ ᠠᠳᠬᠤᠵᠤ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠣᠷᠭᠠᠨᠢᠭ ᠢᠶᠠᠷ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠡᠨ ᠳᠠᠶᠢᠯᠠᠯᠳᠤᠭᠠᠨ ᠤ ᠠᠭᠤᠤ ᠶᠡᠭᠡ ᠠᠮᠵᠢᠯᠲᠠ ᠪᠦᠲᠦᠮᠵᠢ ᠶᠢ ᠦᠨᠡᠨ ᠬᠦ ᠬᠠᠮᠠᠭᠠᠯᠠᠨ ᠪᠠᠬᠢᠵᠢᠭᠦᠯᠬᠦ ᠬᠡᠷᠡᠭᠲᠡᠶ᠃ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠬᠦᠷᠢᠶᠡᠨ ᠳᠠᠬᠢ ᠤᠳᠤᠷᠢᠳᠬᠤ ᠺᠠᠳ᠋ᠷᠴᠤᠳ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠴᠢᠳᠠᠪᠤᠷᠢ ᠪᠠᠨ ᠱᠠᠯᠠᠪᠳᠠᠭᠤᠯᠤᠨ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠳᠡᠭᠡᠷ᠎ᠡ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠣᠷᠣᠨ ᠨᠤᠲᠤᠭ ᠤᠨ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠤᠨᠠᠯᠲᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ  ᠬᠡᠷᠡᠭᠰᠡᠯ ᠤᠨ ᠬᠠᠩᠭᠠᠯᠭ᠎ᠠ ᠪᠣᠯᠤᠨ ᠦᠨ᠎ᠡ ᠬᠠᠩᠰᠢ ᠶᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠵᠤ᠂ ᠲᠠᠷᠢᠶᠠᠴᠢᠳ ᠤᠨ ᠢᠳᠡᠪᠬᠢᠵᠢᠯ ᠢ ᠳᠠᠶᠢᠴᠢᠯᠠᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠦᠬᠦ ᠬᠦᠴᠦᠨ ᠢᠶᠠᠷ ᠢᠶᠠᠨ ᠦᠨᠡᠨ ᠬᠦ ᠪᠠᠲᠤᠯᠠᠬᠤ ᠬᠡᠷᠡᠭᠲᠡᠶ᠃ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠵᠦ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠬᠥᠳᠡᠭᠡ ᠲᠣᠰᠬᠤᠨ ᠤ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠰᠠᠭᠤᠷᠢ  ᠪᠠ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠤ ᠱᠠᠭᠠᠷᠳᠠᠪᠠ᠃

ᠬᠤᠷᠠᠯ ᠠᠴᠠ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠯᠢ ᠺᠧ ᠴᠢᠶᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠦ᠂ 《2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︵ᠶᠠᠷᠢᠯᠴᠠᠬᠤ ᠨᠤᠤᠷᠠᠭ︶》 ᠢ ᠶᠠᠷᠢᠯᠴᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠬᠣ᠋ ᠴᠦᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ ᠠᠴᠠ᠂ ᠡᠨᠡ ᠵᠢᠯ ᠠᠴᠠ ᠨᠠᠭᠠᠰᠢ᠂ ᠬᠥᠳᠡᠭᠡ ᠠᠵᠤ ᠠᠬᠤᠶ ᠶᠢᠨ ᠦᠶᠯᠡᠳᠪᠦᠷᠢᠯᠡᠯ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ ᠢ ᠠᠯᠬᠤᠭᠰᠠᠨ ᠨᠢ ᠬᠢᠯᠪᠠᠷ ᠪᠤᠰᠤ ᠶᠤᠮ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠣᠯᠤᠭᠰᠠᠨ ᠲᠤᠪᠤᠶᠢᠮ᠎ᠠ ᠦᠷ᠎ᠡ ᠪᠦᠲᠦᠮᠵᠢ ᠨᠢ ᠰᠢᠨ᠎ᠡ ᠪᠠᠶᠢᠳᠠᠯ ᠢ ᠡᠬᠦᠳᠬᠦ᠂ ᠬᠤᠪᠢᠷᠠᠯᠲᠠ ᠶᠢ ᠠᠷᠭᠠᠴᠠᠬᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠳᠤ ᠴᠢᠬᠤᠯᠠ ᠦᠢᠯᠡᠳᠦᠯ ᠪᠠᠳᠠᠷᠠᠭᠤᠯᠪᠠ᠃ ᠢᠷᠡᠬᠦ ᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ᠂ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠵᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠡᠨᠡ ᠬᠦ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠨᠢ ᠡᠷᠡᠭᠦᠯ ᠲᠣᠭᠲᠠᠭᠤᠨ ᠠᠵᠤ ᠠᠬᠤᠢ ᠶᠢᠨ ᠣᠷᠴᠢᠨ ᠨᠥᠬᠦᠴᠡᠯ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠨᠥᠬᠦᠴᠡᠯ ᠢ ᠪᠠᠲᠤᠯᠠᠬᠤ ᠳᠤ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃ 2022 ᠣᠨ ᠤ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ   ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ   ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠨᠠᠮ ᠤᠨ ᠬᠥᠳᠡᠭᠡ ᠲᠣᠰᠬᠤᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠠ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠤᠨ ᠤ ᠴᠢᠨᠠᠷᠲᠠᠶ ᠡᠭᠦᠷᠭᠡ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠠ᠂ ᠪᠣᠳᠠᠲᠤ ᠪᠦᠲᠦᠮᠵᠢ ᠶᠢᠨ ᠴᠢᠨᠠᠷᠲᠠᠶ ᠤᠳᠤᠷᠢᠳᠤᠮᠵᠢ ᠶᠢ ᠳᠣᠪᠣᠶᠢᠯᠭᠠᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠠᠬᠢᠴᠠ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠢᠨ᠎ᠡ ᠠᠯᠬᠤᠮ ᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃

ᠬᠤᠷᠠᠯ ᠠᠴᠠ᠂ ᠠᠮᠤ ᠪᠤᠳᠠᠭᠠᠨ ᠤ ᠦᠢᠯᠡᠳᠪᠦᠷᠢᠯᠡᠯ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠮᠤ ᠪᠤᠳᠠᠭᠠᠨ ᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠪᠣᠯᠤᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠶᠡᠭᠡ ᠪᠠᠷ ᠥᠷᠭᠡᠳᠭᠡᠵᠦ᠂ 2022 ᠣᠨ ᠤ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ 《ᠬᠤᠯᠢᠰᠢᠨ ᠢᠳᠡᠭᠡᠨ》 ᠬᠤᠲᠠ ᠶᠢᠨ ᠳᠠᠷᠤᠭ᠎ᠠ  ᠳᠦᠷᠢᠮ ᠢ ᠴᠢᠩᠭᠠᠷᠠᠭᠤᠯᠤᠨ᠂ ᠭᠠᠭ᠋ᠠᠶ ᠲᠡᠵᠢᠭᠡᠬᠦ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ᠂ ᠮᠠᠯ ᠵᠢᠭᠦᠷᠲᠡᠨ ᠤᠰᠤᠨ ᠭᠠᠷᠤᠯᠲᠠ ᠪᠣᠯᠤᠨ ᠢᠳᠡᠰᠢᠨ ᠨᠣᠭᠤᠭ᠎ᠠ ᠶᠢᠨ ᠪᠦᠲᠦᠮᠵᠢᠲᠡᠶ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠷᠢᠶᠠᠨ ᠭᠠᠵᠠᠷ ᠢ ᠬᠠᠮᠠᠭᠠᠯᠠᠵᠤ ᠪᠥᠲᠥᠭᠡᠨ ᠪᠠᠶᠢᠭᠤᠯᠬᠤ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠳᠠᠯᠠᠵᠤ᠂ ᠲᠠᠷᠢᠶᠠᠨ ᠭᠠᠵᠠᠷ ᠤᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ 1 ᠳ᠋ᠦᠩᠰᠢᠭᠤᠷ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠭᠡᠷᠡᠭᠳᠠᠢ᠃ ᠦᠷ᠎ᠡ ᠶᠢᠨ ᠢᠷᠡᠯᠲᠡ ᠵᠡᠷᠭᠡ ᠲᠠᠷᠢᠶᠠᠯᠠᠩ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ᠂  ᠬᠦᠳᠡᠭᠡ ᠠᠵᠤ ᠠᠬᠤᠢ ᠶᠢ ᠲᠦᠷᠭᠡᠳᠭᠡᠨ ᠬᠥᠭᠵᠢᠭᠦᠯᠵᠦ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠡᠨ ᠲᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠵᠤ ᠦᠶᠯᠡᠰ ᠪᠣᠯᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠦᠶᠯᠡᠰ ᠢᠶᠠᠷ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠯ ᠢ ᠭᠦᠨᠵᠡᠭᠡᠶ ᠠᠬᠢᠭᠤᠯᠵᠤ᠂ ᠬᠤᠰᠢᠭᠤ ᠰᠢᠶᠠᠨ ᠤ ᠠᠷᠠᠳ ᠢ ᠪᠠᠶᠠᠵᠢᠭᠤᠯᠬᠤ ᠠᠵᠤ ᠦᠶᠯᠡᠰ ᠢ ᠶᠡᠭᠡ ᠪᠠᠷ ᠬᠥᠭᠵᠢᠭᠦᠯᠵᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠲᠤ ᠠᠵᠤ ᠦᠶᠯᠡᠰ ᠤᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠨᠠᠩ ᠣᠯᠠᠨ ᠬᠤᠪᠢᠶᠠᠨ ᠡᠳ᠋ᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠨ᠂ ᠣᠲᠣ ᠶᠢᠨ ᠪᠠᠶᠢᠭ᠎ᠠ ᠲᠣᠰᠬᠤᠨ ᠤ ᠪᠠᠶᠢᠳᠠᠯ ᠳᠠᠭᠠᠨ ᠰᠠᠭᠤᠷᠢᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠰᠢᠶᠠᠨ ᠤ ᠬᠡᠪᠴᠢᠶᠡᠨ ᠳᠠᠬᠢ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠭᠡᠵᠦ᠂ ᠬᠥᠳᠡᠭᠡ ᠲᠣᠰᠬᠤᠨ ᠢ ᠠᠯᠬᠤᠮ ᠠᠯᠬᠤᠮ ᠢᠶᠠᠷ ᠣᠲᠣ ᠦᠶ᠎ᠡ ᠶᠢᠨ ᠦᠨᠳᠦᠰᠦᠨ ᠠᠮᠢᠳᠤᠷᠠᠯ ᠤᠨ ᠨᠥᠬᠦᠴᠡᠯ ᠲᠠᠢ ᠪᠣᠯᠭᠠᠬᠤ ᠬᠡᠷᠡᠭᠲᠡᠶ᠃ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠪᠦᠲᠦᠮᠵᠢᠲᠡᠢ ᠲᠠᠪᠴᠠᠩ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠵᠦ᠂ ᠬᠥᠳᠡᠭᠡ ᠲᠣᠰᠬᠤᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠨᠠᠮ ᠤᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠤᠷᠤᠯᠴᠠᠨ ᠰᠢᠰᠲ᠋ᠧᠮ ᠲᠠᠢ  ᠂ ᠵᠣᠷᠢᠭ ᠰᠠᠨᠠᠭᠠᠨ ᠤ ᠮᠥᠨ ᠴᠢᠨᠠᠷ ᠢ ᠦᠨᠡᠨ ᠬᠦ ᠤᠢᠢᠯᠠᠭᠠᠨ᠂ ᠭᠤᠣᠯ ᠠᠭᠤᠯᠭ᠎ᠠ ᠶᠢ ᠡᠵᠡᠮᠳᠡᠵᠦ᠂ ᠪᠣᠳᠠᠲᠠᠢ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠤᠢᠢᠯᠠᠭᠠᠨ ᠪᠣᠳᠠᠲᠠᠶᠢᠵᠢᠭᠤᠯᠬᠤ ᠬᠡᠷᠡᠭᠲᠡᠢ᠃ ᠨᠠᠮ ᠤᠨ ᠬᠥᠳᠡᠭᠡ ᠲᠣᠰᠬᠤᠨ ᠤ ᠠᠵᠢᠯ ᠤᠨ ᠦᠨᠳᠦᠰᠦᠨ ᠲᠤᠷᠰᠢᠯᠭ᠎ᠠ ᠶᠢ ᠢᠮᠠᠭᠲᠠ ᠵᠢᠷᠤᠮᠯᠠᠵᠤ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》  ᠤ ᠬᠦᠷᠢᠶᠡᠨ ᠳᠠᠬᠢ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠢᠶᠤᠤ ᠵᠢᠶᠧ ᠠᠩᠬᠠᠳᠤᠭᠠᠷ ᠪᠥᠬᠦᠳᠡ ᠬᠤᠷᠠᠯ ᠢ ᠡᠷᠭᠢᠯᠡᠪᠡ᠃

ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠬᠤᠷᠠᠯ ᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠮᠤᠵᠢ ᠣᠷᠣᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃

 

 

 


   :                    
   :           
备案序号:蒙ICP备05003250号 公安备案15010502000173