ᠵᠤᠬᠢᠶᠠᠭᠴᠢ: ᠴᠠᠭ:2021-12-31 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠸᠠᠩ ᠬᠤ᠋ ᠨᠢᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ    

ᠰᠢ ᠶᠢᠨ ᠫᠢᠩ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ᠄ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠭᠡᠵᠥ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠳᠡᠢ

ᠰᠢ ᠶᠢᠨ ᠫᠢᠩ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ᠄ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠭᠡᠵᠥ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠳᠡᠢ        

    

ᠰᠢᠨᠬᠤᠸᠠ ᠬᠤᠷᠢᠶ᠎ᠠ ᠶᠢᠨ ᠪᠡᠭᠡᠵᠢᠩ ᠤᠨ 2021  12  ᠰᠠᠷ᠎ᠠ ᠶᠢᠨ 24 ᠤ  ᠴᠠᠬᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠴᠢᠬᠤᠯᠠ ᠵᠢᠭᠠᠪᠤᠷᠢ ᠥᠭᠴᠦ᠂ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠵᠠᠭᠤᠨ ᠵᠢᠯ ᠤᠨ ᠨᠠᠮ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ ᠨᠢᠭᠡ ᠵᠢᠯ ᠤᠨ ᠲᠤᠷᠰᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ  ᠂ ᠲᠡᠦᠬᠡ ᠶᠢ ᠰᠤᠷᠤᠯᠴᠠᠵᠦ ᠶᠣᠰᠣ ᠤᠴᠢᠷ ᠢ ᠦᠢᠯᠠᠭᠠᠬᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠤᠰᠤ ᠰᠤᠷᠳᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠬᠡᠵᠢᠬᠦᠯᠬᠦ ᠱᠠᠭᠠᠷᠳᠠᠯᠭ᠎ᠠ ᠶᠣᠰᠣᠭᠠᠷ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠪᠦᠬᠦᠶᠢᠯᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠳᠠᠲᠠᠢ ᠶᠢ ᠡᠷᠬᠢᠮᠯᠡᠵᠥ᠂ ᠯᠠᠪᠳᠠᠭᠤᠨ ᠪᠠᠲᠤᠲᠠᠢ ᠶᠠᠪᠤᠭᠳᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠨᠢᠭᠡ ᠤᠳᠠᠭ᠎ᠠ ᠶᠢᠨ ᠪᠦᠬᠦ ᠲᠠᠯ᠎ᠠ ᠶᠢᠨ ᠭᠦᠨᠵᠡᠭᠡᠢ ᠤᠯᠤᠰ ᠲᠦᠷᠦ ᠶᠢᠨ ᠬᠥᠮᠦᠵᠢᠯ᠂ ᠦᠵᠡᠯ ᠰᠠᠨᠠᠭᠠᠨ ᠤ ᠪᠣᠯᠪᠠᠰᠤᠷᠠᠯ᠂ ᠤᠶᠤᠨ ᠰᠠᠨᠠᠭᠠᠨ ᠤ ᠳᠠᠪᠲᠠᠯᠲᠠ ᠶᠢ ᠬᠦᠷᠳᠡᠵᠦ᠂ ᠪᠦᠬᠦ ᠨᠠᠮ ᠤᠨ ᠲᠡᠦᠬᠡ ᠶᠢᠨ ᠤᠬᠠᠮᠰᠠᠷ᠂ ᠲᠡᠦᠬᠡ ᠶᠢᠨ ᠢᠲᠡᠭᠡᠯ ᠶᠡᠭᠡ ᠪᠠᠷ ᠴᠢᠩᠭᠠᠷᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠶᠡᠭᠡ ᠪᠠᠷ ᠳᠡᠭᠡᠭᠰᠢᠯᠡᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠤᠳᠠᠳᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠬᠦᠳᠬᠦ ᠬᠠᠷᠠᠯᠳᠠ  ᠶᠢ ᠪᠡᠶᠡᠯᠡᠬᠦᠯᠵᠡᠢ ᠬᠡᠵᠥ ᠵᠢᠭᠠᠵᠥ ᠭᠠᠷᠭᠠᠪᠠ᠃       

ᠰᠢ ᠶᠢᠨ ᠫᠢᠩ᠂ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠤᠨ ᠲᠣᠭᠲᠠᠴᠠ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠨᠠᠮ ᠢᠶᠠᠷ ᠢᠶᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠵᠠᠮ ᠢᠶᠠᠷ ᠰᠠᠶᠢᠲᠤᠷ ᠵᠠᠮᠨᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠥ ᠴᠢᠬᠤᠯᠠᠴᠢᠯᠠᠪᠠ᠃       

ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ 2021  12  ᠰᠠᠷ᠎ᠠ ᠶᠢᠨ 24 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠣ᠋ ᠨᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠢᠯᠡᠷᠭᠡᠢ ᠦᠷ᠎ᠡ ᠪᠦᠲᠦᠮᠵᠢ ᠪᠠ ᠴᠢᠬᠤᠯᠠ ᠦᠷ᠎ᠡ ᠪᠦᠲᠦᠭᠡᠯ ᠢ ᠭᠦᠶᠴᠡᠳ ᠨᠤᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠳ᠋ᠦᠩᠨᠡᠬᠦ᠂ ᠰᠠᠶᠢᠲᠤᠷ ᠪᠠᠬᠢᠵᠢᠭᠦᠯᠬᠦ᠂ ᠰᠠᠶᠢᠲᠤᠷ ᠥᠷᠭᠡᠳᠭᠡᠬᠦ ᠳᠤ ᠴᠢᠬᠤᠯᠠ ᠵᠢᠷᠤᠮᠯᠠᠯ ᠬᠠᠩᠭᠠᠪᠠ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ   ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠢᠯᠡᠳᠭᠡᠪᠡ᠃       

ᠸᠠᠩ ᠬᠣ᠋ ᠨᠢᠩ᠂ ᠪᠦᠬᠦ ᠨᠠᠮ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠬᠢᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠥᠷᠲᠡᠭ ᠪᠠ ᠨᠠᠮ ᠤᠨ ᠲᠡᠦᠬᠡ ᠶᠢ ᠰᠤᠷᠤᠯᠴᠠᠬᠤ ᠦᠨᠳᠦᠰᠦᠨ ᠵᠣᠷᠢᠯᠭ᠎ᠠ᠂ ᠦᠨᠳᠦᠰᠦᠨ ᠱᠠᠭᠠᠷᠳᠠᠯᠭ᠎ᠠ᠂ ᠰᠢᠨᠵᠢᠯᠡᠬᠦ ᠤᠬᠠᠭᠠᠨᠴᠢ ᠣᠪᠣᠷ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠢᠳᠡ ᠨᠠᠮ ᠤᠨ ᠲᠡᠦᠬᠡ ᠶᠢᠨ ᠲᠤᠬᠠᠶ ᠲᠠᠨᠢᠯᠲᠠ ᠶᠢ ᠰᠢᠨ᠎ᠡ ᠦᠨᠳᠦᠷᠴᠡ ᠳᠤ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠪᠠ᠃ ᠨᠢᠭᠡ ᠵᠢᠯ ᠤᠨ ᠲᠤᠷᠰᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ  ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠤᠨ ᠪᠦᠬᠦ ᠲᠠᠯ᠎ᠠ ᠶᠢᠨ ᠭᠦᠨ ᠭᠦᠨᠵᠡᠭᠡᠢ ᠲᠡᠦᠬᠡ ᠶᠢᠨ ᠢᠲᠡᠭᠡᠯ᠂ ᠤᠨᠤᠯ ᠤᠨ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠰᠢᠨᠵᠢ ᠴᠢᠨᠠᠷ ᠵᠣᠷᠢᠯᠲᠠ᠂ ᠬᠤᠪᠢᠰᠬᠠᠯ ᠤᠨ ᠵᠣᠷᠢᠭ ᠰᠠᠨᠠᠭ᠎ᠠ᠂ ᠴᠠᠭ ᠦᠶ᠎ᠡ ᠶᠢᠨ ᠬᠠᠷᠢᠭᠤᠴᠠᠯᠭ᠎ᠠ ᠶᠢᠨ ᠬᠥᠮᠦᠵᠢᠯ ᠬᠦᠷᠳᠡᠵᠦ᠂ ᠲᠡᠤᠬᠡ ᠶᠢ ᠰᠤᠷᠤᠯᠴᠠᠵᠦ ᠶᠤᠰᠤ ᠤᠴᠢᠷ ᠢ ᠤᠶᠢᠯᠠᠭᠠᠵᠤ᠂ ᠳᠡᠥᠬᠡ ᠶᠢ ᠰᠤᠷᠤᠯᠴᠠᠵᠦ ᠢᠳᠡᠬᠡᠯ ᠢᠶᠠᠨ ᠨᠡᠮᠡᠭᠳᠡᠬᠦᠯᠵᠤ᠂ ᠳᠡᠥᠬᠡ ᠶᠢ ᠰᠤᠷᠤᠯᠴᠠᠵᠦ ᠶᠤᠰᠤ ᠰᠤᠷᠳᠠᠬᠤᠨ ᠢ ᠡᠷᠬᠢᠮᠯᠡᠵᠤ᠂ ᠳᠡᠥᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠤᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠪᠣᠯᠬᠤ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠶᠢ ᠭᠦᠨᠵᠡᠭᠡᠶ ᠣᠶᠢᠯᠠᠭᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠲᠠᠢ ᠨᠢᠭᠡᠳᠭᠡᠵᠦ᠂ ᠪᠠᠲᠤ ᠴᠢᠩᠭ᠎ᠠ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠶ ᠭᠡᠵᠦ ᠢᠯᠡᠳᠭᠡᠪᠡ᠃       

ᠬᠤᠸᠠᠩ ᠺᠦᠨ ᠮᠢᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠬᠤᠷᠠᠯ ᠢ ᠡᠷᠬᠢᠯᠡᠵᠦ᠂ ᠳ᠋ᠢᠩ ᠰᠢᠤᠸᠠᠢ ᠰᠢᠶᠠᠩ᠂ ᠶᠠᠩ ᠰᠢᠶᠤᠤ ᠳ᠋ᠦ᠋᠂ ᠴᠧᠨ ᠰᠢ ᠪᠣᠯᠤᠨ ᠮᠢᠶᠣᠣ ᠬᠤᠸᠠ ᠬᠤᠷᠠᠯ ᠳᠤ ᠣᠷᠣᠯᠴᠠᠵᠠᠢ᠃       

ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠣᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃

 

 

 


   :                    
   :           
备案序号:蒙ICP备05003250号 公安备案15010502000173