ᠵᠤᠬᠢᠶᠠᠭᠴᠢ:
ᠴᠠᠭ:2021-08-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 16.1% ᠨᠡᠮᠡᠭᠳᠡᠪᠡ
ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 576.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.1% ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠡᠶᠢᠲᠡ 353.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 222.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.3% ᠨᠡᠮᠡᠭᠳᠡᠵᠡᠶ᠃
ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠲᠦᠷᠭᠡᠨ ᠢᠶᠠᠷ ᠨᠡᠮᠡᠭᠳᠡᠪᠡ᠃ ᠪᠥᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 24.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 244.4% ᠨᠡᠮᠡᠭᠳᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠦᠷᠭᠦᠯᠵᠢᠯᠡᠨ ᠡᠶᠡᠷᠭᠦ ᠨᠡᠮᠡᠭᠳᠡᠯ ᠢᠶᠠᠨ ᠪᠠᠲᠤᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 165.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.9% ᠨᠡᠮᠡᠭᠳᠡᠪᠡ︔ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ ᠨᠡᠶᠢᠳᠡ 371. 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠨᠢᠭᠡᠳᠦᠭᠡᠷ ᠲᠣᠮᠣ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠵᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ 64.3% ᠪᠣᠯᠪᠠ᠃ ᠪᠥᠬᠦ ᠣᠷᠣᠨ ᠤ ᠭᠤᠤᠯ ᠪᠣᠯᠬᠤ ᠲᠠᠸᠠᠷ ᠤᠨ ᠥᠰᠥᠯᠲᠡ ᠪᠠᠭᠤᠷᠠᠯᠲᠠ ᠬᠠᠷᠢᠯᠴᠠᠨ ᠢᠯᠡᠷᠡᠵᠦ᠂ ᠭᠠᠳᠠᠭᠠᠳᠤ ᠣᠷᠤᠭᠤᠯᠤᠯᠲᠠ ᠶᠢᠨ ᠲᠦᠷᠦᠭᠦᠤ ᠠᠷᠪᠠᠨ ᠶᠡᠭᠡ ᠲᠠᠸᠠᠷ ᠤᠨ ᠳᠣᠲᠣᠷ᠎ᠠ᠂ ᠵᠡᠰ ᠤᠨ ᠠᠭᠤᠷᠬᠠᠶ ᠶᠢᠨ ᠬᠠᠶᠢᠷ᠂ ᠲᠡᠮᠦᠷ ᠤᠨ ᠬᠦᠳᠡᠷ ᠤᠨ ᠬᠠᠶᠢᠷ᠂ ᠺᠠᠯᠢ ᠶᠢᠨ ᠪᠣᠷᠲᠣᠭᠤᠷ᠂ ᠰᠦ ᠵᠢᠴᠢ ᠰᠢᠷ᠎ᠠ ᠲᠣᠰᠣ ᠵᠡᠷᠭᠡ ᠳᠥᠷᠪᠡᠨ ᠶᠡᠭᠡ ᠲᠠᠸᠠᠷ ᠤᠨ ᠭᠠᠳᠠᠭᠠᠳᠤ ᠣᠷᠤᠭᠤᠯᠤᠯᠲᠠ ᠶᠢᠨ ᠬᠡᠮᠵᠢᠶ᠎ᠡ ᠦᠨ᠎ᠡ ᠴᠥᠮ ᠡᠶᠡᠷᠭᠦ ᠨᠡᠮᠡᠭᠳᠡᠯ ᠲᠠᠢ ᠪᠣᠯᠵᠣ᠂ ᠨᠡᠭᠦᠷᠡᠰᠦ᠂ ᠂ ᠴᠠᠶᠢᠷ ᠤᠨ ᠬᠦᠳᠡᠷ ᠤᠨ ᠬᠠᠶᠢᠷ ᠵᠡᠷᠭᠡ ᠭᠤᠷᠪᠠᠨ ᠶᠡᠭᠡ ᠲᠠᠸᠠᠷ ᠤᠨ ᠭᠠᠳᠠᠭᠠᠳᠤ ᠣᠷᠤᠭᠤᠯᠤᠯᠲᠠ ᠶᠢᠨ ᠬᠡᠮᠵᠢᠶ᠎ᠡ ᠦᠨ᠎ᠡ ᠨᠢ ᠰᠥᠭᠡᠷᠭᠦ ᠨᠡᠮᠡᠭᠳᠡᠯ ᠲᠠᠢ ᠪᠣᠯᠪᠠ︔ ᠭᠠᠳᠠᠭᠠᠳᠤ ᠭᠠᠷᠭᠠᠯᠲᠠ ᠶᠢᠨ ᠲᠦᠷᠦᠭᠦᠤ ᠠᠷᠪᠠᠨ ᠲᠣᠮᠣ ᠲᠠᠸᠠᠷ ᠤᠨ ᠳᠣᠲᠣᠷ᠎ᠠ᠂ ᠪᠣᠯᠣᠳ ᠮᠠᠲ᠋ᠧᠷᠢᠶᠠᠯ᠂ ᠾᠯᠣᠷᠲᠤ ᠡᠲ᠋ᠧᠨ ᠤ ᠪᠥᠭᠡᠭᠡᠨᠡᠪᠦᠷᠢ᠂ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠵᠡᠷᠭᠡ ᠭᠤᠷᠪᠠᠨ ᠲᠣᠮᠣ ᠲᠠᠸᠠᠷ ᠤᠨ ᠭᠠᠳᠠᠭᠠᠳᠤ ᠭᠠᠷᠭᠠᠯᠲᠠ ᠶᠢᠨ ᠬᠡᠮᠵᠢᠶ᠎ᠡ ᠦᠨ᠎ᠡ ᠶᠡᠭᠡ ᠪᠠᠷ ᠳᠡᠭᠡᠭᠰᠢᠯᠡᠵᠦ᠂ ᠨᠡᠷᠡᠨ ᠬᠤᠸᠠᠷ ᠤᠨ ᠦᠷ᠎ᠡ᠂ ᠴᠠᠬᠢᠯᠭᠠᠨ ᠬᠦᠴᠦ᠂ ᠪᠠᠺᠲ᠋ᠧᠷᠢ ᠡᠰᠡᠷᠭᠦᠴᠡᠬᠦ ᠡᠳ᠋ ᠵᠡᠷᠭᠡ ᠭᠤᠷᠪᠠᠨ ᠲᠣᠮᠣ ᠲᠠᠸᠠᠷ ᠤᠨ ᠬᠡᠮᠵᠢᠶ᠎ᠡ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠪᠠ᠃ ᠮᠧᠬᠠᠨᠢᠭ ᠡᠯᠧᠺᠲᠷᠣᠨ ᠤ ᠦᠢᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠥᠰᠥᠯᠲᠡ ᠨᠡᠯᠢᠶᠡᠳ ᠲᠥᠷᠭᠡᠨ ᠪᠣᠯᠵᠤ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠲᠤᠭ᠎ᠠ ᠨᠡᠶᠢᠳᠡ 45.5 ᠳ᠋ᠦᠩᠰᠢᠭᠤᠷ ᠲᠥᠭᠦᠷᠢᠭ ᠪᠠ 36.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.3%᠂ 45.4% ᠨᠡᠮᠡᠭᠳᠡᠪᠡ᠃