ᠵᠤᠬᠢᠶᠠᠭᠴᠢ:
ᠴᠠᠭ:2021-09-16
ᠥᠵᠡᠭᠰᠡᠨ : ℃
ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠪᠦᠬᠦ ᠤᠯᠤᠰ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠬᠤᠷᠠᠯ ᠤᠯᠠᠭᠠᠨᠬᠠᠳᠠ ᠳᠤ ᠬᠤᠷᠠᠯᠳᠤᠪᠠ ᠸᠠᠩ ᠵᠧᠩ ᠫᠥ᠋ ᠯᠢ ᠪᠢᠩ ᠷᠦᠩ ᠶᠠᠷᠢᠶ᠎ᠠ ᠲᠠᠯᠪᠢᠵᠠᠢ
2021 9 ᠰᠠᠷ᠎ᠠ ᠶᠢᠨ 13 ᠤ ᠡᠳᠦᠷ᠂ ᠪᠦᠬᠦ ᠤᠯᠤᠰ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠬᠤᠷᠠᠯ ᠤᠯᠠᠭᠠᠨᠬᠠᠳᠠ ᠳᠤ ᠬᠤᠷᠠᠯᠳᠤᠪᠠ᠃
ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠧᠩ ᠫᠦ᠋᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠪᠠ᠃
ᠸᠠᠩ ᠵᠧᠩ ᠫᠦ᠋᠂ ᠰᠢᠨ᠎ᠡ ᠱᠠᠲᠤ ᠦᠶ᠎ᠡ ᠳᠠᠬᠢ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠣᠩᠭᠤᠨ ᠲᠣᠮᠢᠯᠠᠵᠤ ᠡᠭᠡᠯᠵᠢᠯᠡᠨ ᠰᠣᠯᠢᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠲᠣᠰᠬᠤᠨ ᠳᠤ ᠰᠠᠭᠤᠬᠤ ᠺᠠᠳ᠋ᠷᠴᠤᠳ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠶᠢ ᠵᠢᠭᠠᠨ ᠵᠢᠯᠣᠭᠤᠳᠴᠤ᠂ ᠲᠣᠰᠬᠤᠨ ᠳᠤ ᠰᠠᠭᠤᠬᠤ ᠺᠠᠳ᠋ᠷᠴᠤᠳ ᠤᠨ ᠬᠠᠮᠢᠶᠠᠷᠤᠯᠲᠠ ᠪᠣᠯᠤᠨ ᠪᠠᠲᠤᠯᠠᠭ᠎ᠠ ᠶᠢ ᠴᠢᠩᠭᠠᠳᠬᠠᠵᠤ᠂ ᠲᠣᠰᠬᠤᠠ ᠳᠤ ᠰᠠᠭᠤᠬᠤ ᠺᠠᠳ᠋ᠷᠴᠤᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠵᠢᠯ ᠬᠢᠵᠦ ᠦᠢᠯᠡᠰ ᠪᠤᠰᠬᠠᠬᠤ ᠳᠤ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠲᠥᠪ ᠤᠨ ᠱᠠᠭᠠᠷᠳᠠᠯᠭ᠎ᠠ ᠪᠣᠯᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠯᠤᠭ᠎ᠠ ᠪᠠᠷᠢᠮᠵᠢᠶᠠᠯᠠᠨ ᠬᠠᠷᠭᠤᠭᠤᠯᠵᠦ᠂ ᠳᠤᠲᠠᠭᠳᠠᠯ ᠢᠶᠠᠨ ᠪᠦᠬᠦ ᠲᠠᠯ᠎ᠠ ᠪᠠᠷ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠨ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠡᠬᠦᠰᠬᠦ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠤᠮᠵᠢ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠠᠭᠤᠷᠢ ᠶᠢ ᠪᠠᠬᠢᠵᠢᠬᠦᠯᠦᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠯᠢ ᠪᠢᠩ ᠷᠦᠩ᠂ ᠵᠢᠯ ᠤᠨ ᠡᠬᠢᠨ ᠠᠴᠠ ᠨᠠᠰᠢ᠂ ᠥᠪᠥᠷ ᠮᠣᠩᠭᠤᠯ ᠭᠠᠴᠠᠭ᠎ᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠦᠵᠦ ᠲᠥᠯᠥᠪᠯᠡᠭᠡ ᠶᠢ ᠦᠨᠡᠨ ᠬᠦ ᠴᠢᠩᠭᠠᠳᠬᠠᠵᠤ᠂ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠦᠷᠢᠨᠰᠢᠬᠦᠯᠵᠦ᠂ ᠭᠠᠴᠠᠭ᠎ᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠵᠠᠭᠪᠤᠷ ᠢ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠳᠤ ᠰᠠᠭᠤᠬᠤ ᠠᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠴᠠᠭ᠎ᠠ ᠲᠣᠰᠬᠤᠨ ᠳᠤ ᠰᠠᠭᠤᠯᠭᠠᠬᠤ ᠪᠠᠷ ᠰᠣᠩᠭᠤᠨ ᠲᠣᠮᠢᠯᠠᠬᠤ ᠠᠵᠢᠯ ᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠬᠦᠴᠦᠯᠡᠨ ᠪᠠᠬᠢᠵᠢᠭᠦᠯᠵᠦ᠂ ᠴᠢᠳᠠᠪᠤᠷᠢᠲᠠᠨ ᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠲᠦᠮᠵᠢᠲᠡᠢ ᠨᠢᠭᠲᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ 《ᠬᠠᠮ ᠠᠷᠭ᠎ᠠ ᠬᠡᠮᠵᠢᠶ᠎ᠡ》 ᠶᠢ ᠰᠠᠶᠢᠲᠤᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠦ ᠵᠢᠭᠠᠵᠤ ᠭᠠᠷᠭᠠᠪᠠ᠃