ᠵᠤᠬᠢᠶᠠᠭᠴᠢ:
ᠴᠠᠭ:2021-09-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠸᠠᠩ ᠯᠢ ᠰᠢᠶᠠ ︽ᠬᠦᠯᠦᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ︾ ᠶᠢ ᠶᠡᠷᠦᠩᠬᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
2021ᠣᠨ ᠤ 9 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 《ᠬᠦᠯᠦᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ》 ᠶᠢ ᠶᠡᠷᠦᠩᠬᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠂ ᠬᠥᠯᠥᠨ ᠪᠤᠶᠢᠷ ᠬᠤᠳᠠ᠂ ᠪᠠᠶᠠᠨᠨᠠᠭᠤᠷ ᠬᠤᠳᠠ᠂ ᠤᠯᠠᠭᠠᠨᠴᠠᠪ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠠᠠᠯᠠᠯᠲᠠ ᠶᠢᠨ ᠲᠢᠩᠬᠢᠮ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠠᠬᠢᠭᠤᠯᠬᠤ ᠶᠢ ᠰᠤᠳᠤᠯᠪᠠ᠃
ᠨᠠᠭᠤᠷ ᠴᠥᠭᠦᠷᠥᠮ ᠳᠠᠷᠠᠭᠠᠯᠠᠨ ᠵᠠᠰᠠᠯᠲᠠ ᠶᠢᠨ ᠡᠭᠦᠷᠭᠡ ᠶᠢ ᠠᠩᠬᠠᠷᠴᠤ᠂ ᠲᠥᠷᠥᠯ ᠵᠦᠢᠯ ᠳᠠᠷᠠᠭᠠᠯᠠᠨ ᠠᠰᠠᠭᠤᠳᠠᠯ ᠪᠠ ᠬᠦᠷᠦᠯᠴᠡᠬᠦ ᠥᠬᠡᠶ ᠵᠦᠢᠯ ᠢ ᠠᠩᠬᠠᠷᠤᠭᠰᠠᠨ ᠤ ᠳᠠᠷᠠᠭ᠎ᠠ ᠸᠠᠩ ᠯᠢ ᠰᠢᠶᠠ᠂ ᠶᠡᠷᠦᠩᠬᠡᠶ ᠱᠦᠵᠢ ᠰᠢ ᠶᠢᠨ ᠫᠢᠩ 《ᠬᠦᠯᠦᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ》 ᠶᠢᠨ ᠬᠠᠮᠠᠭᠠᠯᠠᠯᠲᠠ ᠪᠠ ᠵᠠᠰᠠᠯᠲᠠ ᠶᠢᠨ ᠠᠰᠠᠭᠤᠳᠠᠯ ᠢ ᠢᠮᠠᠭᠲᠠ ᠳᠡᠭᠡᠳᠦ ᠬᠡᠮᠵᠢᠶ᠎ᠡ ᠪᠠᠷ ᠠᠩᠬᠠᠷᠴᠤ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠲᠣᠳᠣᠷᠬᠠᠶ ᠵᠠᠰᠠᠯᠳᠠ ᠶᠢᠨ ᠱᠠᠭᠠᠷᠳᠠᠯᠭ᠎ᠠ ᠳᠤᠷᠠᠳᠴᠠᠶ᠃ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠶ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠰᠠᠭᠤᠳᠠᠯ ᠢ ᠠᠩᠬᠠᠷᠴᠤ᠂ ᠡᠭᠦᠷᠭᠡ ᠶᠢ ᠠᠩᠬᠠᠷᠴᠤ᠂ ᠬᠠᠷᠢᠭᠤᠴᠠᠯᠭ᠎ᠠ ᠶᠢ ᠠᠩᠬᠠᠷᠴᠤ᠂ ᠠᠬᠢᠴᠠ ᠶᠢ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠪᠠᠲᠤ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡ ᠶᠢᠨ ᠡᠭᠦᠷᠭᠡᠲᠦ ᠰᠡᠳᠬᠢᠯᠭᠡ ᠪᠣᠯᠤᠨ ᠪᠣᠳᠠᠲᠤ ᠲᠤᠯᠭᠠᠮ ᠰᠡᠳᠬᠢᠯᠭᠡ ᠪᠠᠷ 《ᠬᠦᠯᠦᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ》 ᠶᠢ ᠶᠡᠷᠦᠩᠬᠡᠶᠢᠯᠡᠨ ᠵᠠᠰᠠᠬᠤ ᠬᠠᠷᠠᠯᠲᠠ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠸᠠᠩ ᠯᠢ ᠰᠢᠶᠠ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠳᠠᠷᠠᠭᠠᠯᠠᠨ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠨᠢᠭᠡ ᠮᠥᠴᠡ ᠴᠦ ᠵᠣᠭᠰᠣᠯ ᠦᠭᠡᠢ᠂ ᠨᠠᠷᠢᠨ ᠬᠢᠨᠠᠮᠠᠭᠠᠢ ᠨᠠᠷᠢᠨ ᠨᠢᠭᠳᠠ ᠰᠢᠢᠳᠪᠦᠷᠢᠯᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠲᠦᠷᠢᠮ ᠢᠶᠠᠷ 《ᠵᠢᠯᠤᠭᠤ》 ᠪᠤᠯᠭᠠᠵᠤ ᠶᠡᠷᠦᠩᠬᠡᠶᠢᠯᠡᠨ ᠵᠠᠰᠠᠬᠤ ᠠᠵᠢᠯ ᠤᠨ ᠭᠦᠨᠵᠡᠭᠡᠶᠢᠷᠡᠵᠦ ᠠᠬᠢᠬᠤ ᠶᠢ ᠬᠦᠲᠦᠯᠦᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ ᠤ ᠨᠠᠭᠤᠷ ᠤᠨ ᠳᠠᠷᠤᠭ᠎ᠠ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ᠂ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠲᠤᠬᠢᠷᠠᠭᠤᠯᠬᠤ ᠪᠠᠨ ᠴᠢᠩᠭᠠᠳᠬᠠᠬᠤ ᠬᠡᠷᠡᠭᠲᠡᠢ᠃ ᠬᠤᠯᠪᠣᠭᠳᠠᠯ ᠪᠥᠬᠦᠶ ᠭᠠᠵᠠᠷ ᠣᠷᠣᠨ ᠤ ᠬᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠪᠤᠶᠢᠮ᠎ᠠ ᠠᠰᠠᠭᠤᠳᠠᠯ ᠪᠣᠯᠤᠨ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠪᠤᠲᠠᠲᠠᠶᠢᠵᠢᠭᠤᠯᠬᠤ᠂ ᠨᠠᠶᠢᠳᠠᠪᠤᠷᠢᠵᠢᠭᠤᠯᠬᠤ᠂ ᠲᠣᠭᠲᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠴᠡᠭᠴᠡᠯᠡᠨ ᠵᠠᠰᠠᠬᠤ ᠲᠥᠰᠦᠯ ᠲᠣᠭᠲᠠᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠪᠠ ᠲᠦᠭᠵᠢᠷᠡᠯ ᠠᠰᠠᠭᠤᠳᠠᠯ ᠢ ᠬᠠᠮᠵᠢᠯᠴᠠᠨ ᠰᠠᠶᠢᠲᠤᠷ ᠰᠢᠢᠳᠪᠦᠷᠢᠯᠡᠵᠦ᠂ 《ᠬᠥᠯᠥᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ》 ᠶᠢ ᠶᠡᠷᠦᠩᠬᠡᠶᠢᠯᠡᠨ ᠵᠠᠰᠠᠬᠤ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠵᠦ᠂ ᠲᠡᠦᠬᠡ᠂ ᠠᠷᠠᠳ ᠲᠦᠮᠡᠨ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠠᠶ᠃ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃