ᠵᠤᠬᠢᠶᠠᠭᠴᠢ: ᠴᠠᠭ:2021-10-15 ᠥᠵᠡᠭᠰᠡᠨ : ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ 110 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ

ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ 2021ᠣᠨ 10 ᠳ᠋ᠤᠭᠠᠷ ᠰᠠᠷ᠎ᠠ ᠶᠢᠨ 9 ᠤ ᠡᠳᠦᠷ ᠦᠨ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠡᠨᠡ ᠵᠢᠯ ᠪᠣᠯ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠭ ᠴᠤᠬ ᠵᠤᠷᠢᠭ ᠪᠠᠳᠠᠷᠠᠩᠭᠤᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠦ ᠪᠠᠶᠢᠨ᠎ᠠ᠃ ᠡᠨᠡ ᠬᠦ ᠴᠢᠬᠤᠯᠠ ᠴᠠᠭ ᠮᠥᠴᠡ ᠳᠤ᠂ ᠪᠢᠳᠡ ᠠᠳᠡ ᠦᠪᠡᠳᠡᠭᠰᠢ ᠶᠡᠭᠡ ᠪᠠᠷ ᠬᠤᠷᠠᠯᠳᠤᠵᠤ᠂ ᠰᠦᠨ ᠵᠦᠩ ᠱᠠᠨ ᠠᠪᠤᠭᠠᠢ ᠵᠡᠷᠭᠡ ᠬᠤᠪᠢᠰᠬᠠᠯ ᠤᠨ ᠤᠷᠢᠳᠤᠰ ᠤᠨ ᠲᠡᠦᠬᠡᠨ ᠭᠠᠪᠢᠶ᠎ᠠ ᠵᠢᠳᠬᠦᠯ ᠢ ᠳᠤᠷᠠᠰᠬᠠᠵᠤ ᠪᠠᠶᠢᠭ᠎ᠠ ᠨᠢ ᠳᠠᠷᠤᠢ ᠲᠡᠳᠡᠨᠤᠰ ᠤᠨ ᠳᠤᠮᠳᠠᠳᠤ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠶᠢᠨ ᠲᠥᠯᠥᠭᠡ ᠭᠤᠶᠢᠪᠢᠰᠢ ᠦᠭᠡᠢ ᠲᠡᠮᠡᠴᠡᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠢ ᠵᠣᠷᠢᠭᠵᠢᠭᠤᠯᠤᠨ ᠪᠦᠯᠬᠦᠮᠳᠡᠭᠦᠯᠵᠦ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠬᠦ ᠶᠢᠨ ᠲᠥᠯᠥᠭᠡ ᠶᠤᠮ ᠭᠡᠵᠦ ᠴᠢᠬᠤᠯᠠᠴᠢᠯᠠᠵᠠᠢ᠃

ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠶᠡᠭᠡ ᠬᠤᠷᠠᠯ ᠳᠤ ᠣᠷᠣᠯᠴᠠᠪᠠ᠃

ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ 《ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ》 ᠭᠡᠰᠡᠨ ᠬᠤᠷᠠᠯ ᠤᠨ ᠢᠯᠡᠷᠭᠡᠶᠢᠯᠡᠯ ᠢ ᠡᠯᠭᠦᠵᠦ᠂ ᠠᠷᠤ ᠬᠥᠰᠢᠭᠡ ᠶᠢᠨ ᠲᠦᠪ ᠳᠤᠮᠳᠠ ᠨᠢ ᠰᠦᠨ ᠵᠦᠩ ᠱᠠᠨ ᠠᠪᠤᠭᠠᠢ ᠶᠢᠨ ᠬᠦᠷᠦᠭ ᠢ ᠡᠯᠭᠦᠵᠦ᠂ 10 ᠤᠯᠠᠭᠠᠨ ᠲᠤᠭ ᠢ ᠬᠤᠶᠠᠷ ᠭᠠᠷᠯᠠᠭᠤᠯᠤᠨ ᠵᠢᠭᠰᠠᠭᠠᠵᠤ᠂ ᠳᠡᠭᠡᠷ᠎ᠡ ᠨᠢ ᠡᠯᠭᠦᠭᠰᠡᠨ 《1911》 《2021》 ᠭᠡᠰᠡᠨ ᠪᠢᠴᠢᠭᠡᠰᠤ ᠣᠨᠴᠠ ᠶᠢᠨ ᠢᠯᠡᠬᠡᠨ ᠬᠠᠷᠠᠭᠳᠠᠨ᠎ᠠ᠃

ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠵᠠᠭᠠᠪᠠ᠃

ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠦᠨ ᠵᠦᠩ ᠱᠠᠨ ᠠᠪᠤᠭᠠᠢ ᠪᠣᠯ ᠠᠭᠤᠤ ᠶᠡᠭᠡ ᠦᠨᠳᠦᠰᠦᠲᠡᠨ ᠤ ᠪᠠᠭᠠᠲᠤᠷ᠂ ᠠᠭᠤᠤ ᠶᠡᠭᠡ ᠤᠯᠤᠰ ᠢᠶᠠᠨ ᠬᠠᠶᠢᠷᠠᠯᠠᠬᠤ ᠦᠵᠡᠯᠳᠡᠨ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠤᠷᠢᠳᠤᠰ ᠮᠥᠨ᠃ ᠰᠦᠨ ᠵᠦᠩ ᠱᠠᠨ ᠠᠪᠤᠭᠠᠢ ᠪᠣᠯᠤᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠤᠷᠢᠳᠤᠰ ᠤᠨ ᠳᠤᠮᠳᠠᠳᠤ ᠶᠢᠨ ᠦᠨᠳᠦᠰᠦᠲᠡᠨ ᠳᠤ ᠪᠠᠶᠢᠭᠤᠯᠵᠤ ᠥᠭᠭᠦᠭᠰᠡᠨ ᠲᠡᠦᠬᠡᠨ ᠭᠠᠪᠢᠶ᠎ᠠ ᠵᠢᠳᠬᠦᠯ ᠮᠢᠩᠭᠠᠨ ᠣᠨ ᠢ ᠭᠡᠶᠢᠭᠦᠯᠵᠦ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠳᠤᠮᠳᠠ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠨ ᠪᠠ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠴᠢᠩ ᠵᠤᠷᠢᠭᠳᠠᠳ ᠲᠡᠦᠬᠡ ᠰᠤᠲᠤᠷ ᠲᠤ ᠮᠥᠩᠬᠡ ᠲᠡᠮᠳᠡᠭᠯᠡᠭᠳᠡᠵᠦ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠶᠠᠨ ᠵᠠᠮ ᠳᠤ ᠦᠨᠢᠳᠡ ᠰᠡᠬᠦ᠋ᠢᠨ ᠰᠦᠨᠳᠡᠷᠯᠡᠬᠦ ᠬᠦᠰᠢᠶ᠎ᠡ ᠳᠤᠷᠠᠰᠬᠠᠯ ᠮᠥᠨ ᠭᠡᠵᠦ ᠴᠢᠬᠤᠯᠠᠴᠢᠯᠠᠪᠠ᠃

ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤᠴᠤᠳ ᠪᠣᠯ ᠰᠦᠨ ᠵᠦᠩ ᠱᠠᠨ ᠠᠪᠤᠭᠠᠢ ᠶᠢᠨ ᠬᠤᠪᠢᠰᠬᠠᠯ ᠤᠨ ᠦᠢᠯᠡᠰ ᠤᠨ ᠬᠠᠮᠤᠭ ᠤᠨ ᠡᠷᠡᠰ ᠪᠠᠲᠤ ᠳᠡᠮᠵᠢᠭᠴᠢ᠂ ᠬᠠᠮᠤᠭ ᠤᠨ ᠦᠨᠡᠨᠴᠢ ᠬᠠᠮᠲᠤᠷᠠᠯᠴᠠᠬᠴᠢ᠂ ᠬᠠᠮᠤᠭ ᠤᠨ ᠰᠢᠳᠤᠷᠭᠤ ᠵᠠᠯᠭᠠᠮᠵᠢᠯᠠᠭᠴᠢ ᠮᠥᠨ᠂ ᠰᠦᠨ ᠵᠦᠩ ᠱᠠᠨ ᠠᠪᠤᠭᠠᠢ ᠪᠣᠯᠤᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠤᠷᠢᠳᠤᠰ ᠤᠨ ᠠᠭᠤᠤ ᠶᠡᠭᠡ ᠬᠦᠰᠡᠯ ᠵᠣᠷᠢᠭ ᠢ ᠲᠠᠰᠤᠷᠠᠯᠳᠠ ᠦᠭᠡᠢ ᠪᠡᠶᠡᠯᠡᠭᠦᠯᠦᠨ ᠬᠥᠭᠵᠢᠭᠦᠯᠵᠡᠢ᠃ ᠰᠦᠨ ᠵᠦᠩ ᠱᠠᠨ ᠠᠪᠤᠭᠠᠢ ᠶᠢᠨ ᠳᠤᠮᠳᠠᠳᠤ ᠶᠢ ᠬᠦᠴᠦᠷᠬᠡᠭᠵᠢᠭᠦᠯᠦᠨ ᠮᠠᠨᠳᠤᠭᠤᠯᠬᠤ ᠭᠡᠰᠡᠨ ᠭᠦᠨ ᠬᠦᠰᠡᠯ ᠡᠷᠡᠮᠡᠯᠵᠡᠯ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠤᠷᠢᠳᠤᠰ ᠤᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ᠂ ᠤᠢᠢᠷ᠎ᠠ ᠦᠶ᠎ᠡ ᠠᠴᠠ ᠨᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠡᠳᠦᠷ ᠰᠥᠨᠢ ᠦᠭᠡᠢ ᠬᠦᠰᠡᠨ ᠮᠥᠷᠥᠭᠡᠳᠴᠦ ᠲᠡᠮᠡᠴᠡᠭᠰᠡᠭᠡᠷ ᠢᠷᠡᠭᠰᠡᠨ ᠠᠭᠤᠤ ᠶᠡᠭᠡ ᠬᠦᠰᠡᠯ ᠵᠡᠭᠦᠳᠦ ᠨᠢ ᠨᠢᠭᠡᠨᠲᠡ ᠪᠤᠶᠤ ᠶᠠᠭ ᠰᠠᠶ᠋ᠢᠬᠠᠨ ᠪᠣᠳᠠᠲᠤ ᠠᠬᠤᠢ ᠪᠤᠯᠵᠤ ᠪᠡᠶᠡᠯᠡᠭᠳᠡᠨ᠂ ᠳᠤᠮᠳᠠᠳᠤ ᠶᠢᠨ ᠦᠨᠳᠦᠰᠦᠲᠡᠨ ᠪᠣᠰᠴᠤ ᠵᠤᠭᠰᠤᠬᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠢ ᠰᠦᠷᠴᠤ ᠪᠤᠯᠤᠰᠢ ᠦᠭᠡᠢ ᠲᠡᠦᠬᠡ ᠶᠢᠨ ᠠᠬᠢᠴᠠ ᠳᠤ ᠣᠷᠣᠭᠰᠠᠨ ᠪᠠᠶᠢᠨ᠎ᠠ ᠭᠡᠵᠦ ᠵᠢᠭᠠᠵᠤ ᠭᠠᠷᠭᠠᠵᠠᠢ᠃

ᠰᠢ ᠶᠢᠨ ᠫᠢᠩ᠂ ᠡᠨᠡ ᠡᠳᠦᠷ᠂ ᠤᠷᠳᠤ ᠬᠤᠭᠤᠴᠠᠭᠠᠨ ᠤ ᠲᠡᠮᠡᠴᠡᠯ ᠢᠶᠠᠷ ᠳᠠᠮᠵᠢᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠲᠠᠢ ᠪᠣᠯᠵᠠᠢ᠃ ᠪᠢᠳᠡ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠪᠠᠨ ᠨᠡᠭᠡᠭᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠦᠷᠭᠦᠯᠵᠢᠯᠡᠨ ᠲᠡᠦᠬᠡᠲᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠶᠡᠭᠡ ᠦᠢᠯᠡᠰ ᠢ ᠲᠠᠰᠤᠷᠠᠯᠳᠠ ᠦᠭᠡᠢ ᠤᠷᠤᠬᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠤᠷᠤᠭᠰᠢᠯᠠᠬᠤ ᠪᠠᠲᠤ ᠴᠢᠩᠭ᠎ᠠ ᠬᠦᠴᠦᠨ ᠪᠠᠶᠢᠬᠤ ᠬᠡᠷᠡᠭᠲᠡᠢ᠂ ᠡᠨᠡ ᠬᠦ ᠪᠠᠲᠤ ᠴᠢᠩᠭ᠎ᠠ ᠬᠦᠴᠦᠨ ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠮᠥᠨ᠂ ᠨᠠᠮ ᠪᠣᠯᠤᠨ ᠤᠯᠤᠰ ᠤᠨ ᠦᠨᠳᠦᠰᠦ ᠪᠠ ᠠᠮᠢᠨ ᠰᠤᠳᠠᠰᠤ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ ᠪᠠ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠰᠢᠨ᠎ᠡ ᠠᠶᠠᠨ ᠳᠤ᠂ ᠪᠢᠳᠡ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠵᠤ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠮ ᠪᠣᠯ ᠬᠠᠮᠤᠭ ᠤᠨ ᠦᠨᠳᠦᠰᠦᠨ ᠠᠰᠠᠭᠤᠳᠠᠯ ᠪᠣᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠤᠷ ᠤᠨ ᠭᠠᠭᠴᠠ ᠵᠥᠪ ᠵᠠᠮ ᠮᠥᠨ᠃ ᠰᠢᠨ᠎ᠡ ᠠᠶᠠᠨ ᠳᠤ᠂ ᠪᠢᠳᠡ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ ᠬᠥᠭᠵᠢᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠦᠷᠭᠦᠯᠵᠢᠯᠡᠨ ᠠᠬᠢᠭᠤᠯᠵᠤ᠂ ᠵᠣᠷᠢᠭ ᠬᠤᠪᠢᠷᠠᠬᠤ ᠦᠭᠡᠢ᠂ ᠵᠠᠮ ᠬᠤᠪᠢᠷᠠᠬᠤ ᠦᠭᠡᠢ ᠪᠠᠶᠢᠬᠤ ᠡᠷᠴᠢ ᠵᠣᠷᠢᠭ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃ 《ᠲᠠᠪᠤ ᠶᠢ ᠨᠢᠭᠡ ᠴᠤᠭᠴᠠᠵᠢᠭᠤᠯᠬᠤ》 ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠳᠥᠷᠪᠡᠨ ᠪᠥᠬᠦ ᠲᠠᠯ᠎ᠠ》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠵᠦ᠂ ᠤᠯᠤᠰ ᠤᠨ ᠵᠠᠰᠠᠯᠲᠠ ᠶᠢᠨ  ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠵᠤ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠵᠠᠢ᠃

ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠤ ᠥᠪᠡᠷ ᠤᠨ ᠪᠠᠭᠠᠲᠤᠷᠯᠢᠭ ᠲᠡᠮᠡᠴᠡᠯ ᠳᠤ ᠲᠦᠰᠢᠭᠯᠡᠬᠦ ᠬᠡᠷᠡᠭᠲᠡᠢ᠃ ᠰᠢᠨ᠎ᠡ ᠠᠶᠠᠨ ᠳᠤ᠂ ᠪᠢᠳᠡ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠶᠢᠨ ᠠᠵᠠ ᠲᠣᠬᠢᠶᠠᠯ ᠢ ᠠᠮᠵᠢᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠬᠤᠪᠢᠰᠬᠠᠯᠲᠤ ᠵᠣᠷᠢᠭ ᠰᠠᠨᠠᠭ᠎ᠠ ᠪᠠ ᠬᠤᠪᠢᠰᠬᠠᠯᠲᠤ ᠲᠡᠮᠡᠴᠡᠯ ᠤᠨ ᠡᠷᠴᠢ ᠵᠣᠷᠢᠭ ᠢᠶᠠᠨ ᠪᠠᠲᠤᠯᠠᠵᠤ᠂ ᠮᠠᠰᠢ ᠤᠯᠠᠨ ᠰᠢᠨ᠎ᠡ ᠲᠡᠦᠬᠡᠲᠦ ᠣᠨᠴᠠᠯᠢᠭ ᠲᠠᠢ ᠠᠭᠤᠤ ᠶᠡᠭᠡ ᠲᠡᠮᠡᠴᠡᠯ ᠢ ᠵᠣᠷᠢᠭᠲᠠᠢ ᠬᠢᠵᠦ᠂ ᠵᠣᠷᠢᠭᠲᠠᠢ ᠲᠡᠮᠡᠴᠡᠬᠦ᠂ ᠴᠢᠳᠠᠮᠠᠭᠠᠢ ᠲᠡᠮᠡᠴᠡᠬᠦ ᠡᠷᠴᠢ ᠵᠣᠷᠢᠭ ᠪᠠ ᠵᠠᠩ ᠴᠢᠨᠠᠷ ᠢᠶᠠᠷ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠶᠢ ᠬᠠᠷᠰᠢᠯᠠᠵᠤ ᠮᠡᠳᠡᠬᠦ ᠶᠠᠮᠠᠷᠪᠠ ᠬᠦᠨᠳᠦ ᠶᠡᠭᠡ ᠠᠶᠤᠯ ᠲᠦᠭᠰᠢᠭᠦᠷᠢ ᠪᠠ ᠥᠷᠢᠰᠥᠯᠳᠦᠭᠡᠨ ᠢ ᠡᠷᠡᠰ ᠢᠯᠠᠨ ᠳᠠᠪᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠡᠷᠬᠡᠪᠰᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠦ᠂ ᠪᠦᠯᠬᠦᠮᠳᠡᠯ ᠳᠤ ᠲᠦᠰᠢᠭᠯᠡᠨ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠠᠶᠤᠯ ᠲᠦᠭᠰᠢᠭᠦᠷᠢ ᠪᠠ ᠥᠷᠢᠰᠥᠯᠳᠦᠭᠡᠨ ᠢ ᠢᠯᠠᠨ  ᠬᠡᠷᠡᠭᠲᠡᠢ᠃ ᠰᠢᠨ᠎ᠡ ᠠᠶᠠᠨ ᠳᠤ᠂ ᠪᠢᠳᠡ ᠡᠷᠬᠡᠪᠰᠢ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠡᠭᠡᠳᠦ ᠬᠡᠮᠵᠢᠶᠡᠨ ᠤ ᠦᠨᠳᠦᠰᠦᠲᠡᠨ ᠤ ᠥᠪᠡᠷ ᠢ ᠪᠠᠨ ᠬᠦᠨᠳᠦᠳᠬᠡᠬᠦ ᠰᠡᠳᠬᠢᠯᠭᠡ ᠪᠠ ᠦᠨᠳᠦᠰᠦᠲᠡᠨ ᠤ ᠢᠲᠡᠭᠡᠯ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠲᠡᠮᠡᠴᠡᠯ ᠳᠤ ᠴᠢᠩᠭ᠎ᠠ ᠲᠦᠰᠢᠭᠯᠡᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠯᠢᠪᠠ ᠤᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠳᠠᠬᠢ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠬᠠᠮᠲᠤ ᠪᠠᠷ ᠪᠦᠲᠦᠭᠡᠬᠦ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠲᠦᠪᠰᠢᠷᠡᠨ ᠪᠦᠯᠬᠦᠮᠳᠡᠭᠰᠡᠨ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠱᠠᠭᠠᠷᠳᠠᠭᠳᠠᠬᠤ ᠪᠠᠷ ᠪᠠᠷᠠᠬᠤ ᠦᠬᠡᠢ᠂ ᠡᠩᠬᠡ ᠲᠠᠶᠢᠪᠤᠩ ᠲᠣᠭᠲᠠᠭᠤᠨ ᠳᠡᠯᠡᠬᠡᠢ ᠶᠢᠨ ᠣᠷᠴᠢᠨ ᠨᠥᠬᠦᠴᠡᠯ ᠱᠠᠭᠠᠷᠳᠠᠭᠳᠠᠨ᠎ᠠ᠃ ᠰᠢᠨ᠎ᠡ ᠠᠶᠠᠨ ᠳᠤ᠂ ᠪᠢᠳᠡ ᠡᠷᠬᠡᠪᠰᠢ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠲᠤᠭ ᠢ ᠢᠮᠠᠭᠲᠠ ᠥᠨᠳᠥᠷ ᠮᠠᠨᠳᠤᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠥᠬᠦ ᠪᠥᠮᠪᠥᠷᠴᠡᠭ ᠤᠨ ᠵᠠᠰᠠᠯᠲᠠ ᠶᠢᠨ  ᠲᠡᠭᠦᠯᠳᠡᠷᠵᠢᠭᠦᠯᠬᠦ ᠶᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠤᠯᠴᠢ᠂ ᠠᠷᠠᠳᠴᠢᠯᠠᠯ᠂ ᠡᠷᠬᠡ ᠴᠢᠯᠥᠭᠡ ᠬᠡᠬᠦ ᠪᠥᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠯᠦᠭᠡ ᠶᠢᠨ ᠪᠦᠯᠬᠦᠮᠳᠡᠯ ᠢᠶᠠᠨ ᠴᠢᠩᠭᠠᠳᠬᠠᠵᠤ᠂ ᠡᠵᠡᠷᠬᠡᠬᠦ ᠦᠵᠡᠯ ᠪᠣᠯᠤᠨ ᠬᠦᠴᠦᠷᠬᠡᠭᠯᠡᠯ ᠤᠨ ᠤᠯᠤᠰ ᠲᠥᠷᠥ ᠶᠢ ᠬᠠᠮᠲᠤ ᠪᠠᠷ ᠡᠰᠡᠷᠭᠦᠴᠡᠵᠦ᠂ ᠳᠡᠯᠡᠬᠡᠶ ᠶᠢᠨ ᠡᠩᠬᠡ ᠲᠠᠶᠢᠪᠤᠩ ᠤᠨ ᠪᠥᠲᠥᠭᠡᠨ ᠪᠠᠶᠢᠭᠤᠯᠤᠭᠴᠢ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠣᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠵᠣ᠂ ᠬᠥᠮᠦᠨ ᠲᠥᠷᠥᠯᠬᠢᠲᠡᠨ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠵᠠᠢ᠃

ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠦᠨᠳᠦᠰᠦᠲᠡᠨ ᠤ ᠪᠠᠭᠤᠷᠠᠢ ᠪᠠ ᠰᠠᠮᠠᠭᠤᠷᠠᠯ ᠠᠴᠠ ᠪᠤᠯᠵᠥ ᠡᠭᠦᠰᠦᠭᠰᠡᠨ ᠶᠤᠮ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠲᠠᠭᠠᠯᠳᠤᠨ ᠰᠢᠢᠳᠪᠦᠷᠢᠯᠡᠭᠳᠡᠬᠦ ᠨᠢ ᠯᠠᠪᠲᠠᠢ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠲᠡᠦᠬᠡᠨ ᠬᠤᠪᠢᠰᠤᠯᠲᠠ ᠶᠢᠨ ᠶᠡᠭᠡ ᠬᠠᠨᠳᠤᠰᠢ ᠠᠴᠠ ᠲᠤᠭᠳᠠᠭᠠᠭᠳᠠᠭᠰᠠᠨ ᠶᠤᠮ᠂ ᠨᠡᠩ ᠴᠤ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠪᠤᠳᠤᠯ ᠵᠤᠷᠢᠯᠳᠠ ᠮᠥᠨ᠃ ᠨᠠᠶᠢᠷᠠᠮᠳᠠᠯ ᠤᠨ ᠬᠡᠯᠪᠡᠷᠢ ᠪᠠᠷ ᠡᠬᠡ ᠣᠯᠤᠰ ᠤᠨ ᠢᠶᠠᠨ ᠨᠢᠭᠡᠳᠦᠯ ᠢ ᠪᠡᠶᠡᠯᠡᠭᠦᠯᠬᠦ ᠨᠢ ᠲᠠᠶᠢᠸᠠᠨ ᠤ ᠠᠬ᠎ᠠ ᠳᠡᠭᠦᠦ ᠨᠡᠷ ᠢ ᠪᠠᠭᠲᠠᠭᠠᠭᠰᠠᠨ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠳᠤ ᠬᠠᠮᠤᠭ ᠠᠴᠠ ᠢᠯᠡᠭᠦᠦ ᠨᠡᠶᠢᠴᠡᠨ᠎ᠡ᠃ ᠪᠢᠳᠡ 《ᠨᠠᠶᠢᠷᠠᠮᠳᠠᠯ ᠢᠶᠠᠷ ᠨᠢᠭᠡᠳᠭᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》 ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ 《ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ》 ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠎ᠠ᠃ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠠᠬ᠎ᠠ ᠳᠡᠭᠦᠦ ᠨᠡᠷ ᠴᠥᠮ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠡᠬᠡ ᠤᠯᠤᠰ ᠤᠨ ᠢᠶᠠᠨ ᠪᠦᠷᠢᠨ ᠨᠢᠭᠡᠳᠦᠯ᠂ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠢᠷᠠᠭᠤ ᠠᠯᠳᠠᠷᠲᠤ ᠠᠭᠤᠤ ᠦᠢᠯᠡᠰ ᠢ ᠬᠠᠮᠲᠤ ᠪᠠᠷ ᠡᠭᠦᠳᠦᠨ ᠪᠦᠲᠦᠭᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠪᠣᠯ ᠬᠠᠭᠠᠴᠠᠭᠤᠯᠬᠤ ᠶᠢ ᠡᠰᠡᠷᠭᠦᠴᠡᠬᠦ᠂ ᠨᠢᠭᠡᠳᠦᠯ ᠢ ᠬᠠᠮᠠᠭᠠᠯᠠᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ᠃ ᠤᠭ ᠦᠨᠳᠦᠰᠦ ᠪᠠᠨ ᠮᠠᠷᠲᠠᠭᠰᠠᠨ᠂ ᠡᠭᠡ ᠤᠯᠤᠰ ᠠᠴᠠ ᠪᠠᠨ ᠤᠷᠪᠠᠭᠰᠠᠨ᠂ ᠤᠯᠤᠰ ᠢᠶᠠᠨ ᠬᠠᠭᠠᠴᠠᠭᠤᠯᠤᠭᠰᠠᠳ ᠶᠡᠷᠦ ᠠᠴᠠ ᠰᠠᠶᠢᠨ ᠲᠡᠭᠦᠰᠬᠡᠯ ᠦᠭᠡᠢ ᠶᠤᠮ᠂ ᠯᠠᠪᠳᠠᠢ ᠠᠷᠠᠳ ᠲᠦᠮᠡᠨ ᠳᠤ ᠵᠢᠭᠰᠢᠭᠳᠡᠵᠦ ᠲᠡᠦᠬᠡ ᠶᠢᠨ ᠰᠢᠭᠦᠯᠲᠡ ᠶᠢ ᠬᠦᠯᠢᠶᠡᠬᠦ ᠶᠤᠮ᠃ ᠲᠠᠶᠢᠸᠠᠨ ᠤ ᠠᠰᠠᠭᠤᠳᠠᠯ ᠪᠣᠯ ᠪᠦᠷᠢᠮᠦᠰᠦᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ᠂ ᠭᠠᠳᠠᠭᠠᠳᠤ ᠶᠢᠨ ᠶᠠᠮᠠᠷᠪᠠ ᠭᠠᠷ ᠲᠦᠷᠦᠯᠳᠡ ᠶᠢ ᠵᠥᠪᠰᠢᠶᠡᠷᠡᠬᠦ ᠦᠭᠡᠢ᠃ ᠶᠠᠮᠠᠷᠪᠠ ᠬᠥᠮᠦᠨ ᠭᠡᠳ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠪᠠᠳᠤ ᠵᠣᠷᠢᠭ᠂ ᠬᠠᠳᠠᠭᠤ ᠰᠦᠰᠦ᠂ ᠬᠦᠴᠦᠷᠬᠡᠭ ᠶᠡᠭᠡ ᠴᠢᠳᠠᠪᠤᠷᠢ ᠶᠢ ᠪᠠᠰᠤᠵᠤ ᠪᠣᠯᠬᠤ ᠦᠭᠡᠢ᠃ ᠡᠭᠡ ᠣᠯᠤᠰ ᠤᠨ ᠪᠦᠷᠢᠨ ᠨᠢᠬᠡᠳᠦᠯ ᠤᠨ ᠲᠡᠦᠬᠡᠲᠦ ᠡᠭᠦᠷᠭᠡ ᠶᠢ ᠵᠠᠪᠠᠯ ᠪᠡᠶᠡᠯᠡᠭᠦᠯᠬᠦ ᠬᠡᠷᠡᠭᠲᠡᠢ ᠪᠥᠭᠡᠳ ᠯᠠᠪᠲᠠᠢ ᠪᠡᠶᠡᠯᠡᠭᠳᠡᠬᠦ ᠶᠤᠮ ᠭᠡᠵᠤ ᠴᠢᠬᠤᠯᠠᠴᠢᠯᠠᠵᠠᠢ᠃

ᠰᠢ ᠶᠢᠨ ᠫᠢᠩ᠂ ᠤᠢᠢᠷ᠎ᠠ ᠦᠶ᠎ᠡ ᠠᠴᠠ ᠨᠠᠰᠢᠬᠢ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠳᠡᠯᠡᠬᠡᠢ ᠳ᠋ᠠᠬᠢᠨ ᠢ ᠭᠠᠶᠢᠬᠠᠰᠢᠷᠠᠭᠤᠯᠤᠭᠰᠠᠨ ᠠᠭᠤᠤ ᠶᠡᠭᠡ ᠠᠮᠵᠢᠯᠲᠠ ᠪᠦᠳᠦᠮᠵᠢ ᠶᠢ ᠡᠭᠦᠳᠴᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠠᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠤᠮᠳᠠᠳᠤ ᠶᠢᠨ ᠪᠦᠬᠦ ᠬᠥᠪᠡᠭᠦᠳ ᠥᠬᠢᠳ ᠤᠨ ᠬᠠᠮᠲᠤ ᠶᠢᠨ ᠢᠷᠠᠭᠤ ᠠᠯᠳᠠᠷ ᠮᠥᠨ᠂ ᠪᠠᠰᠠ ᠴᠤ ᠳᠤᠮᠳᠠᠳᠤ ᠶᠢᠨ ᠪᠦᠬᠦ ᠬᠥᠪᠡᠭᠦᠳ ᠥᠬᠢᠳ ᠤᠨ ᠬᠠᠮᠲᠤ ᠶᠢᠨ ᠡᠭᠦᠷᠭᠡ ᠬᠠᠷᠢᠭᠤᠴᠠᠯᠭ᠎ᠠ ᠮᠥᠨ᠃ ᠤᠯᠤᠰ ᠤᠨ ᠳᠣᠲᠣᠭᠠᠳᠤ ᠭᠠᠳᠠᠭᠠᠳᠤ ᠳᠠᠬᠢ ᠳᠤᠮᠳᠠᠳᠤ ᠶᠢᠨ ᠪᠦᠬᠦ ᠬᠥᠪᠡᠭᠦᠳ ᠥᠬᠢᠳ ᠨᠡᠩ ᠨᠢᠭᠲᠠᠷᠠᠨ ᠪᠦᠯᠬᠦᠮᠳᠡᠵᠦ᠂ ᠰᠦᠨ ᠵᠦᠩ ᠱᠠᠨ ᠠᠪᠤᠭᠠᠢ ᠵᠡᠷᠭᠡ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠤᠷᠢᠳᠤᠰ ᠤᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠵᠦᠭ ᠭᠠᠷ ᠬᠤᠯᠪᠣᠯᠴᠠᠨ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠶᠢ ᠤᠷᠢᠶᠠᠯᠠᠵᠤ ᠪᠠᠶᠢᠨ᠎ᠠ ᠭᠡᠵᠤ ᠵᠢᠭᠠᠵᠤ ᠭᠠᠷᠭᠠᠵᠠᠢ᠃

ᠸᠠᠩ ᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠠᠷᠠᠯᠳᠠ ᠵᠤᠷᠢᠯᠳᠠ ᠠᠤᠭ᠎ᠠ ᠶᠡᠭᠡ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠲᠡᠦᠬᠡᠨ ᠭᠠᠪᠢᠶ᠎ᠠ ᠵᠢᠳᠬᠦᠯ ᠪᠣᠯᠤᠨ ᠴᠢᠬᠤᠯᠠ ᠶᠡᠭᠡ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠨ ᠵᠦᠩ ᠱᠠᠨ ᠠᠪᠤᠭᠠᠢ ᠶᠢᠨ ᠬᠤᠪᠢᠰᠬᠠᠯ ᠤᠨ ᠦᠢᠯᠡᠰ ᠢ ᠵᠠᠯᠭᠠᠮᠵᠢᠯᠠᠵᠤ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠶᠢ ᠡᠷᠭᠢᠴᠡᠭᠦᠯᠦᠨ ᠳ᠋ᠦᠩᠨᠡᠵᠦ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠲᠤᠷᠰᠢᠬᠢ ᠲᠡᠦᠬᠡ ᠶᠢᠨ ᠰᠡᠩᠬᠡᠷᠡᠭᠦᠯᠦᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠤᠨ 《ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ》 ᠶᠢ ᠪᠠᠷᠢᠮᠲᠠᠯᠠᠬᠤ᠂ 《ᠲᠠᠶᠢᠸᠠᠨ ᠢ ᠲᠤᠰᠠᠭᠠᠷ ᠲᠣᠭᠲᠠᠨᠢᠭᠤᠯᠬᠤ》 ᠬᠠᠭᠠᠴᠡᠭᠤᠯᠬᠤ ᠠᠵᠢᠯᠯᠠᠭ᠎ᠠ ᠶᠢ ᠡᠷᠡᠰ ᠬᠤᠷᠢᠬᠯᠠᠬᠤ᠂ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠪᠠᠲᠤ ᠵᠣᠷᠢᠭ ᠪᠣᠯᠤᠨ ᠬᠠᠳᠠᠭᠤ ᠰᠦᠰᠦ ᠶᠢ ᠲᠥᠪ ᠴᠢᠩᠭ᠎ᠠ ᠪᠠᠷ ᠢᠯᠡᠷᠬᠡᠶᠢᠯᠡᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠲᠦᠯᠦᠭᠡᠯᠡᠵᠦ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠲᠡᠷᠢᠭᠦᠯᠡᠭᠴᠢ ᠸᠠᠨ ᠯᠢ ᠵᠢᠶᠦ᠋ᠨ ᠡᠯ᠎ᠡ ᠠᠷᠠᠳ ᠤᠨ ᠪᠦᠯᠬᠦᠮ ᠢ ᠲᠥᠯᠥᠭᠡᠯᠡᠨ ᠶᠡᠭᠡ ᠬᠤᠷᠠᠯ ᠳᠡᠭᠡᠷ᠎ᠡ ᠦᠬᠡ ᠬᠡᠯᠡᠪᠡ᠃

ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠶᠡᠭᠡ ᠬᠤᠷᠠᠯ ᠳᠤ ᠣᠷᠣᠯᠴᠠᠪᠠ᠃

ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠪᠠ ᠪᠡᠭᠡᠵᠢᠩ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠵᠢᠴᠢ ᠬᠡᠰᠡᠭ ᠠᠷᠠᠳ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠵᠢᠴᠢ ᠬᠡᠰᠡᠭ ᠭᠡᠰᠢᠭᠦᠨ᠂ ᠦᠨᠳᠦᠰᠦᠲᠡᠨ᠂ ᠱᠠᠰᠢᠨ ᠰᠤᠷᠲᠠᠬᠤᠨ ᠤ ᠬᠢᠨ ᠪᠠ ᠨᠡᠶᠢᠭᠡᠮ ᠤᠨ ᠪᠦᠯᠬᠦᠮ ᠤᠨ ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠬᠡᠰᠡᠭ ᠡᠯᠴᠢᠨ ᠰᠠᠶᠢᠳ ᠳᠤᠷᠠᠰᠬᠠᠬᠤ ᠠᠵᠢᠯᠯᠠᠭ᠎ᠠ ᠳᠤ ᠤᠷᠢᠭᠳᠠᠨ ᠣᠷᠣᠯᠴᠠᠭᠰᠠᠨ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ ᠤᠷᠢᠳᠤᠰ ᠤᠨ ᠬᠤᠶᠢᠴᠢᠰ᠂ ᠰᠢᠶᠠᠩᠭᠠᠩ᠂ ᠣᠣᠮᠧᠨ᠂ ᠲᠠᠶᠢᠸᠠᠨ ᠤ ᠬᠠᠮᠢᠶ᠎ᠠ ᠪᠦᠬᠦᠢ ᠬᠥᠮᠦᠰ ᠤᠨ ᠲᠥᠯᠥᠭᠡᠯᠡᠭᠴᠢ ᠵᠢᠴᠢ ᠭᠠᠳᠠᠭᠠᠳᠤ ᠶᠢᠨ ᠵᠣᠴᠢᠳ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭᠠᠨ ᠤ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠪᠠ᠃

 



   :                    
   :           
备案序号:蒙ICP备05003250号 公安备案15010502000173